ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ᠎ᠢ ᠴᠣᠭᠴᠠᠯᠠᠬᠤ》 ᠴᠢᠬᠤᠯᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠪᠣᠯᠭ᠋ᠠᠵᠤ᠂ ᠬᠥᠬᠡᠬᠣᠲᠠ ᠵᠢᠨ ᠨᠣᠮ᠎ᠤᠨ ᠰᠠᠩ᠎ᠤᠨ ᠰᠤᠷᠪᠤᠯᠵᠢ ᠪᠢᠴᠢᠭ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠨᠢᠭᠡ ᠴᠣᠭᠴᠠᠵᠢᠭᠰᠠᠨ ᠬᠥᠭᠵᠢᠯᠲᠡ ᠵᠢ ᠬᠦᠴᠦᠯᠡᠨ ᠠᠬᠢᠭᠤᠯᠵᠤ᠂ ᠣᠯᠠᠨ ᠨᠡᠢ᠌ᠲᠡ ᠵᠢᠨ ᠨᠣᠮ᠎ᠤᠨ ᠰᠠᠩ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠪᠠ ᠣᠷᠣᠨ ᠨᠤᠲᠤᠭ᠎ᠲᠤ ᠦᠢᠯᠡᠴᠢᠯᠡᠬᠦ ᠡᠭᠦᠷᠭᠡ ᠴᠢᠳᠠᠪᠤᠷᠢ ᠵᠢ ᠤᠯᠠᠮ ᠨᠢᠭᠡ ᠠᠯᠬᠤᠮ ᠪᠠᠳᠠᠷᠠᠭᠤᠯᠬᠤ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ ᠬᠥᠬᠡᠬᠣᠲᠠ ᠵᠢᠨ ᠨᠣᠮ᠎ᠤᠨ ᠰᠠᠩ ᠬᠢᠭᠡᠳ ᠬᠢᠩᠭ᠋ᠠᠨ ᠠᠢ᠌ᠮᠠᠭ᠎ᠤᠨ ᠨᠣᠮ᠎ᠤᠨ ᠰᠠᠩ᠎ᠤᠨ 《 ᠬᠥᠬᠡᠬᠣᠲᠠ ᠤᠯᠠᠭ᠋ᠠᠨᠬᠣᠲᠠ ᠭᠠᠷ ᠭᠠᠷ ᠵᠶ᠋ᠠᠨ ᠬᠣᠯᠪᠣᠯᠴᠠᠬᠤ》ᠰᠤᠷᠪᠤᠯᠵᠢ ᠪᠢᠴᠢᠭ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠶᠣᠰᠣᠯᠠᠯ ᠬᠥᠬᠡᠬᠣᠲᠠ ᠵᠢᠨ ᠨᠣᠮ᠎ᠤᠨ ᠰᠠᠩ᠎ᠳᠤ ᠶᠠᠪᠤᠭᠳᠠᠪᠠ ᠃
ᠲᠣᠰ ᠤᠳᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠪᠣᠯ 2020 ᠣᠨ᠎ᠤ ᠳᠠᠷᠠᠭ᠋ᠠᠬᠢ ᠬᠣᠶᠠᠷ ᠪᠠᠢ᠌ᠭᠤᠯᠭ᠎ᠠ ᠵᠢᠨ ᠪᠠᠰᠠ ᠨᠢᠭᠡ ᠤᠳᠠᠭ᠋ᠠᠨ᠎ᠤ ᠲᠠᠰ ᠳᠡᠪᠰᠢᠭᠰᠡᠨ ᠬᠠᠮᠲᠤᠷᠠᠯᠴᠠᠭ᠎ᠠ ᠪᠣᠯᠤᠨ᠎ᠠ᠃ ᠲᠦᠷᠦᠭᠦᠦ ᠤᠲᠠᠭ᠋ᠠᠨ᠎ᠤ ᠬᠠᠮᠲᠤᠷᠠᠯᠴᠠᠭ᠋ᠠᠨ᠎ᠤ ᠰᠠᠭᠤᠷᠢᠨ ᠳᠡᠭᠡᠷ᠎ᠡ᠂ ᠬᠣᠶᠠᠷ ᠨᠤᠮ᠎ᠤᠨ ᠰᠠᠩ᠎ᠨᠢ《ᠬᠥᠬᠡᠬᠣᠲᠠ ᠤᠯᠠᠭ᠋ᠠᠨᠬᠣᠲᠠ ᠭᠠᠷ ᠭᠠᠷ ᠵᠶ᠋ᠠᠨ ᠬᠣᠯᠪᠣᠯᠴᠠᠬᠤ》ᠰᠣᠶᠣᠯ ᠵᠢᠭᠤᠯᠴᠢᠯᠠᠯ᠎ᠤᠨ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠰᠢᠷᠢᠰ ᠠᠵᠢᠯᠯᠠᠭ᠎ᠠ᠎ᠳᠤ ᠲᠦᠰᠢᠭᠯᠡᠵᠦ᠂ ᠰᠤᠷᠪᠤᠯᠵᠢ ᠪᠢᠴᠢᠭ᠎ᠤᠨ ᠡᠬᠢ ᠪᠠᠶᠠᠯᠢᠭ᠎ᠤᠨ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠰᠤᠷᠪᠤᠯᠵᠢ ᠪᠢᠴᠢᠭ᠎ᠤᠨ ᠡᠬᠢ ᠪᠠᠶᠠᠯᠢᠭ᠎ᠤᠨ ᠠᠰᠢᠭᠯᠠᠯᠲᠠ ᠵᠢᠨ ᠨᠤᠷᠮ᠎ᠠ ᠵᠢ ᠳᠡᠭᠡᠭᠰᠢᠯᠡᠭᠦᠯᠵᠦ᠂ ᠲᠤᠯᠭᠤᠷ ᠪᠢᠴᠢᠭ᠎ᠤᠨ ᠡᠬᠢ ᠪᠠᠶᠠᠯᠢᠭ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠣᠶᠠᠷ ᠭᠠᠵᠠᠷ᠎ᠤᠨ ᠰᠣᠶᠣᠯ ᠵᠢᠭᠤᠯᠴᠢᠯᠠᠯ᠎ᠤᠨ ᠬᠠᠮᠲᠤ ᠵᠢᠨ ᠬᠥᠭᠵᠢᠯᠲᠡ ᠵᠢ ᠠᠬᠢᠭᠤᠯᠪᠠ ᠃
ᠲᠣᠰ ᠤᠳᠠᠭ᠎ᠠ ᠭᠡᠷ᠎ᠡ ᠲᠣᠭᠲᠠᠬᠤ᠎ᠳᠤ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠦᠢᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠬᠣᠶᠠᠷ ᠲᠠᠯ᠎ᠠ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ᠎ᠪᠠᠷ ᠵᠣᠷᠢᠯᠲᠠ ᠪᠣᠯᠭ᠋ᠠᠵᠤ᠂ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡ ᠪᠠ ᠵᠢᠭᠤᠯᠴᠢᠯᠠᠯ᠎ᠤᠨ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠵᠠᠷᠴᠢᠮ ᠪᠤᠯᠭ᠋ᠠᠪᠠ᠃ ᠶᠣᠰᠣᠯᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷᠤᠨ ᠦᠰᠦᠭ ᠵᠢᠷᠤᠭᠰᠠᠨ ᠪᠥᠭᠡᠳ ᠨᠣᠮ᠎ᠤᠨ ᠰᠠᠩ᠎ᠳᠤ᠎ᠬᠢ ᠣᠷᠣᠨ ᠨᠤᠲᠤᠭ᠎ᠤᠨ ᠰᠤᠷᠪᠤᠯᠵᠢ ᠪᠢᠴᠢᠭ ᠵᠡᠷᠭᠡ ᠵᠠᠭᠤ ᠭᠠᠷᠤᠢ ᠳᠡᠪᠲᠡᠷ ᠨᠣᠮ ᠪᠢᠴᠢᠭ᠎ᠢ ᠬᠠᠷᠢᠯᠴᠠᠨ ᠬᠦᠷᠭᠡᠵᠦ᠂ ᠬᠣᠶᠠᠷ ᠭᠠᠵᠠᠷ᠎ᠤᠨ ᠤᠯᠠᠨ ᠨᠡᠢ᠌ᠲᠡ ᠵᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠤᠨ ᠰᠣᠯᠢᠯᠴᠠᠭ᠎ᠠ ᠪᠠ ᠬᠥᠭᠵᠢᠯᠲᠡ᠎ᠳᠤ ᠴᠢᠬᠤᠯᠠ ᠦᠢ᠍ᠯᠡᠳᠦᠯ ᠦᠵᠡᠭᠦᠯᠪᠡ ᠃ ᠶᠣᠰᠣᠯᠠᠯ᠎ᠤᠨ ᠳᠠᠷᠠᠭ᠎ᠠ᠂ ᠬᠢᠩᠭ᠋ᠠᠨ ᠠᠢ᠌ᠮᠠᠭ᠎ᠤᠨ ᠨᠣᠮ᠎ᠤᠨ ᠰᠠᠩ᠎ᠤᠨ᠎ᠬᠢᠨ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠪᠣᠯᠤᠨ ᠳᠡᠭᠡᠳᠦ ᠰᠤᠷᠭ᠋ᠠᠭᠤᠯᠢ ᠵᠢᠨ ᠳᠣᠲᠣᠷᠠᠬᠢ ᠨᠡᠢ᠌ᠭᠡᠮ ᠲᠣᠭᠣᠷᠢᠭ᠎ᠤᠨ 《ᠬᠤᠨ ᠭᠠᠯᠠᠭᠤ ᠨᠣᠮ᠎ᠤᠨ ᠥᠷᠥᠭᠡ》 ᠵᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠵᠦ ᠰᠢᠨᠵᠢᠯᠡᠨ ᠪᠠᠢ᠌ᠴᠠᠭ᠋ᠠᠵᠤ᠂ ᠬᠣᠶᠠᠷ ᠲᠠᠯ᠎ᠠ᠎ᠪᠠᠷ ᠵᠶ᠋ᠠᠨ ᠶᠡᠷᠦᠩᠬᠡᠶ ᠬᠤᠪᠢᠶᠠᠷᠢ ᠨᠣᠮ᠎ᠤᠨ ᠰᠠᠩ᠎ᠤᠨ ᠪᠥᠲᠥᠭᠡᠨ ᠪᠠᠢ᠌ᠭᠤᠯᠤᠯᠲᠠ᠂ ᠨᠤᠮ ᠤᠩᠰᠢᠯᠭ᠎ᠠ ᠵᠢ ᠲᠦᠭᠡᠮᠡᠯᠵᠢᠭᠦᠯᠬᠦ ᠵᠡᠷᠭᠡ ᠲᠠᠯ᠎ᠠ ᠵᠢᠨ ᠲᠤᠷᠰᠢᠯᠭ᠎ᠠ᠎ᠪᠠᠨ ᠥᠷᠭᠡᠨ ᠵᠶ᠋ᠡᠷ ᠰᠣᠯᠢᠯᠴᠠᠭᠰᠠᠨ ᠪᠥᠭᠡᠳ ᠬᠣᠢ᠌ᠰᠢᠳᠠ ᠵᠢᠨ ᠤᠯᠠᠮ ᠨᠢᠭᠡ ᠠᠯᠬᠤᠮ ᠬᠠᠮᠲᠤᠷᠠᠯᠴᠠᠵᠤ ᠬᠠᠮᠲᠤ᠎ᠪᠠᠷ ᠪᠥᠲᠥᠭᠡᠨ ᠪᠠᠢ᠌ᠭᠤᠯᠬᠤ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ ᠃