7 ᠳ᠋ᠤᠭ᠋ᠠᠷ ᠰᠠᠷ᠎ᠠ ᠵᠢᠨ 15᠎ᠤ ᠡᠳᠦᠷ᠂ 2022 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠢᠩᠭ᠋ᠠᠨ ᠠᠢ᠌ᠮᠠᠭ᠎ᠤᠨ ᠪᠠᠲᠤᠴᠠᠭ᠋ᠠᠨ ᠤ ᠳᠠᠭᠤᠤ ᠬᠥᠭᠵᠢᠮ᠎ᠤᠨ ᠨᠠᠢ᠌ᠷ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠡᠬᠢᠯᠡᠪᠡ ᠃
ᠡᠬᠢᠯᠡᠯᠲᠡ ᠵᠢᠨ ᠶᠣᠰᠣᠯᠠᠯ ᠳᠡᠭᠡᠷ᠎ᠡ᠂ ᠤᠯᠤᠰ᠎ᠤᠨ ᠳᠣᠲᠣᠭ᠋ᠠᠳᠤ ᠵᠢᠨ ᠨᠡᠷᠡᠲᠦ ᠳᠠᠭᠤᠤ ᠬᠥᠭᠵᠢᠮ ᠵᠤᠬᠢᠶᠠᠨ ᠦᠢ᠍ᠯᠡᠳᠬᠦ ᠪᠦᠯᠬᠦᠮ ᠵᠢᠴᠢ ᠥᠪᠡᠷᠲᠡᠭᠡᠨ ᠵᠠᠰᠠᠬᠤ ᠣᠷᠣᠨ᠎ᠤ ᠵᠠᠯᠠᠭᠤ ᠳᠠᠭᠤᠴᠢᠨ᠂ ᠬᠠᠮᠲᠤᠯᠢᠭ ᠲᠤᠬᠠᠢ ᠵᠢᠨ ᠲᠠᠯᠠᠪᠠᠢ᠎ᠳᠤ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠲᠤᠭᠯᠠᠵᠠᠭ᠋ᠠᠪᠠ᠃ ᠭᠤᠢ᠌ᠲᠠ ᠰᠠᠢ᠌ᠬᠠᠨ ᠠᠶᠠᠯᠭᠤ ᠲᠠᠭᠤᠤ᠎ᠨᠢ ᠬᠤᠷᠠᠭᠰᠠᠨ ᠤᠯᠠᠨ᠎ᠢ ᠪᠠᠶᠠᠰᠬᠠᠭᠰᠠᠨ ᠪᠠᠢ᠌ᠨ᠎ᠠ ᠃
2022 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠢᠩᠭ᠋ᠠᠨ ᠠᠢ᠌ᠮᠠᠭ᠎ᠤᠨ ᠪᠠᠲᠤᠴᠠᠭ᠋ᠠᠨ ᠤ ᠳᠠᠭᠤᠤ ᠬᠥᠭᠵᠢᠮ᠎ᠤᠨ ᠨᠠᠢ᠌ᠷ᠎ᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠴᠢᠦᠢ ᠭ᠋ᠸ ᠰᠣᠶᠣᠯ ᠵᠠᠭᠤᠴᠢᠯᠠᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠠᠴᠠ ᠭᠣᠤᠯᠯᠠᠨ ᠡᠷᠭᠢᠯᠡᠵᠦ᠂ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 23᠎ᠤ ᠡᠳᠦᠷ ᠪᠣᠯᠲᠠᠯ᠎ᠠ ᠲᠤᠭᠯᠠᠨ᠎ᠠ᠃ ᠡᠬᠢᠯᠡᠯᠲᠡ ᠵᠢᠨ ᠶᠣᠰᠣᠯᠠᠯ ᠪᠠ ᠲᠡᠭᠦᠰᠬᠦ ᠶᠣᠰᠣᠯᠠᠯ᠎ᠤᠨ ᠲᠣᠭᠯᠠᠯᠲᠠ᠎ᠠᠴᠠ ᠭᠠᠳᠠᠨ᠎ᠠ᠂ ᠠᠨᠳᠠ ᠬᠠᠮᠲᠤᠯᠢᠭ᠂ ᠪᠠᠶ ᠢᠦᠢ ᠬᠤᠸᠠ ᠬᠣᠷᠴᠢᠨ ᠠᠷᠠᠳ᠎ᠤᠨ ᠳᠠᠭᠤᠤ᠂ ᠲᠠᠯ᠎ᠠ ᠨᠤᠲᠤᠭ᠎ᠤᠨ ᠰᠣᠩᠭᠣᠳᠠᠭ ᠳᠠᠭᠤᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭ᠋ᠠᠨᠮᠥ᠋ᠴᠢᠷ ᠵᠡᠷᠭᠡ 7 ᠲᠠᠯᠠᠪᠠᠶ ᠲᠤᠰᠬᠠᠶ ᠲᠣᠭᠯᠠᠯᠲᠠ ᠭᠠᠷᠭ᠋ᠠᠨ᠎ᠠ ᠃ ᠲᠣᠭᠯᠠᠯᠲᠠ ᠵᠢᠨ ᠠᠬᠤᠢ ᠲᠠᠯᠠᠪᠠᠢ᠎ᠳᠤ᠂ ᠴᠠᠭ᠋ᠠᠨ ᠱᠤᠩᠬᠤᠷ ᠬᠠᠮᠲᠤᠯᠢᠭ ᠲᠤᠯᠭ᠋ᠠᠲᠠᠨ ᠬᠠᠮᠲᠤᠯᠢᠭ ᠵᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠠᠯᠠᠭᠤ ᠬᠠᠮᠲᠤᠯᠢᠭ ᠥᠷᠭᠡᠨ ᠤᠯᠠᠨ ᠵᠢᠭᠤᠯᠴᠢᠯᠠᠭᠴᠢᠳ᠎ᠲᠠᠢ ᠬᠠᠮᠲᠤ ᠮᠠᠷᠲᠠᠭᠳᠠᠰᠢ ᠦᠭᠡᠢ ᠳᠠᠭᠤᠤ ᠬᠥᠭᠵᠢᠮ᠎ᠤᠨ ᠨᠠᠢ᠌ᠷ᠎ᠢ ᠥᠩᠭᠡᠷᠡᠭᠦᠯᠬᠦ ᠪᠣᠯᠤᠨ᠎ᠠ᠃ ᠲᠣᠮᠣ ᠬᠡᠯᠪᠡᠷᠢ ᠵᠢᠨ ᠬᠤᠸᠠᠷ ᠫᠤᠤᠵᠢᠩ᠎ᠤᠨ ᠦᠵᠡᠭᠦᠯᠭᠡ᠂ ᠳ᠋ᠧᠩ᠎ᠤᠨ ᠦᠵᠡᠭᠦᠯᠭᠡ᠂ ᠨᠢᠰᠦᠭᠦᠷ᠎ᠤᠨ ᠲᠣᠭᠯᠠᠯᠲᠠ᠂ ᠬᠡᠦᠬᠡᠳ᠎ᠤᠨ ᠵᠤᠭ᠎ᠠ ᠴᠡᠩᠭᠡᠯ᠂ ᠠᠮᠲᠠᠲᠤ ᠢᠳᠡᠭᠡᠨ᠎ᠢ ᠪᠡᠶᠡᠴᠢᠯᠡᠨ ᠣᠢ᠌ᠯᠠᠭ᠋ᠠᠬᠤ ᠵᠡᠷᠭᠡ ᠠᠯᠢ ᠣᠯᠠᠨ ᠵᠤᠭ᠎ᠠ ᠴᠡᠩᠭᠡᠯ᠎ᠤᠨ ᠲᠥᠷᠥᠯ ᠵᠦᠢᠯ᠎ᠨᠢ ᠪᠠᠰᠠ ᠥᠷᠭᠡᠨ ᠣᠯᠠᠨ ᠵᠢᠭᠤᠯᠴᠢᠯᠠᠭᠴᠢᠳ᠎ᠲᠤ ᠮᠠᠷᠲᠠᠭᠳᠠᠰᠢ ᠥᠬᠡᠶ ᠪᠠᠶᠠᠷ ᠪᠠᠶᠠᠰᠤᠯᠲᠤ ᠵᠣᠨᠢ ᠠᠪᠴᠢᠷᠠᠬᠤ ᠪᠣᠯᠤᠨ᠎ᠠ ᠃
ᠲᠣᠰ ᠤᠲᠠᠭ᠋ᠠᠨ᠎ᠤ ᠳᠤᠮᠳᠠᠳᠤ ᠤᠯᠤᠰ᠎ᠤᠨ ᠬᠢᠩᠭ᠋ᠠᠨ ᠠᠢ᠌ᠮᠠᠭ᠎ᠤᠨ ᠪᠠᠲᠤᠴᠠᠭ᠋ᠠᠨ ᠤ ᠳᠠᠭᠤᠤ ᠬᠥᠭᠵᠢᠮ᠎ᠤᠨ ᠨᠠᠢ᠌ᠷ᠎ᠨᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠥᠪᠡᠷᠮᠢᠴᠡ ᠪᠠᠢ᠌ᠭ᠋ᠠᠯᠢ ᠵᠢᠨ ᠣᠷᠴᠢᠨ ᠠᠬᠤᠶ ᠪᠠ ᠠᠷᠠᠳ᠎ᠤᠨ ᠰᠣᠶᠣᠯ᠎ᠤᠨ ᠡᠬᠢ ᠪᠠᠶᠠᠯᠢᠭ᠎ᠲᠤ ᠲᠦᠰᠢᠭᠯᠡᠨ᠂ 《ᠳᠥᠷᠪᠡᠨ ᠰᠢᠶᠠᠩ᠎ᠤᠨ ᠢᠨᠵᠧᠨᠧᠷᠢᠩ》᠎ᠤᠨ ᠰᠢᠨ᠎ᠡ ᠬᠡᠯᠪᠡᠷᠢ ᠵᠢ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠣᠯᠠᠨ ᠠᠷᠭ᠎ᠠ ᠵᠠᠮ ᠵᠶ᠋ᠠᠷ ᠴᠢᠳᠠᠪᠤᠷᠢᠲᠠᠨ᠎ᠢ ᠨᠤᠲᠤᠭ᠎ᠲᠤ᠎ᠨᠢ ᠬᠠᠷᠢᠭᠤᠯᠵᠤ᠂ ᠤᠷᠠᠨ ᠲᠣᠭᠯᠠᠯᠲᠠ ᠵᠢᠨ ᠲᠦᠷᠦᠯ ᠵᠦᠢ᠍ᠯ ᠵᠶ᠋ᠡᠷ ᠤᠳᠤᠷᠢᠳᠤᠮᠵᠢ ᠪᠣᠯᠭ᠋ᠠᠭᠰᠠᠨ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠲᠤᠬᠠᠶ ᠵᠢᠨ ᠭᠠᠵᠠᠷ᠎ᠤᠨ ᠰᠣᠶᠣᠯ᠎ᠤᠨ ᠠᠭᠤᠷ ᠠᠮᠢᠰᠬᠤᠯ᠎ᠢ ᠬᠥᠭᠵᠢᠶᠡᠨᠲᠡᠶ ᠪᠣᠯᠭ᠋ᠠᠬᠤ ᠵᠢᠨ ᠬᠠᠮᠲᠤ ᠪᠠᠰᠠ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠲᠡᠭᠦᠯᠦᠨ᠂ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠵᠢ ᠳᠠᠢ᠌ᠴᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭᠰᠠᠨ ᠪᠠᠢ᠌ᠨ᠎ᠠ᠃