ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠨᠠᠢ᠌ᠷ ᠵᠢᠴᠢ ᠡᠵᠡᠨ ᠬᠣᠷᠣᠭ᠎ᠠ ᠬᠣᠰᠢᠭᠤᠨ᠎ᠤ ᠰᠤᠪᠤᠷᠭ᠎ᠠ 《ᠵᠤᠯᠠᠭ》᠎ᠤᠨ ᠤᠯᠠᠮᠵᠢᠯᠠᠯᠲᠤ ᠨᠠᠭ᠋ᠠᠳᠤᠮ᠎ᠤᠨ ᠬᠤᠷᠠᠯ ᠡᠬᠢᠯᠡᠪᠡ
ᠨᠡᠶᠢᠲᠡᠯᠡᠭᠰᠡᠨ ᠴᠠᠭ᠄ 2022-07-21

    7 ᠳ᠋ᠤᠭ᠋ᠠᠷ ᠰᠠᠷ᠎ᠠ ᠵᠢᠨ 15᠎ᠤ ᠡᠳᠦᠷ᠂ ᠤᠷᠳᠤᠰ ᠬᠤᠳᠠ ᠵᠢᠨ ᠳᠣᠯᠣᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠨᠠᠢ᠌ᠷ ᠵᠢᠴᠢ ᠡᠵᠡᠨ ᠬᠣᠷᠣᠭ᠎ᠠ ᠬᠣᠰᠢᠭᠤᠨ᠎ᠤ ᠰᠤᠪᠤᠷᠭ᠎ᠠ 《ᠵᠤᠯᠠᠭ》᠎ᠤᠨ ᠤᠯᠠᠮᠵᠢᠯᠠᠯᠲᠤ ᠨᠠᠭ᠋ᠠᠳᠤᠮ᠎ᠤᠨ ᠬᠤᠷᠠᠯ ᠡᠵᠡᠨ ᠬᠣᠷᠣᠭ᠎ᠠ ᠬᠣᠰᠢᠭᠤᠨ᠎ᠤ ᠰᠤᠪᠤᠷᠭ᠎ᠠ ᠪᠠᠯᠭ᠋ᠠᠰᠤᠨ᠎ᠤ ᠰᠤᠪᠤᠷᠭ᠎ᠠ ᠭᠠᠴᠠᠭ᠎ᠠ᠎ᠳᠤ ᠡᠬᠢᠯᠡᠪᠡ  ᠃
      ᠲᠣᠰ ᠤᠲᠠᠭ᠋ᠠᠨ᠎ᠤ ᠠᠵᠢᠯᠯᠠᠭ᠎ᠠ᠎ᠨᠢ ᠭᠤᠷᠪᠠᠨ ᠡᠳᠦᠷ᠎ᠤᠨ ᠬᠤᠭᠤᠴᠠᠭ᠎ᠠ᠎ᠲᠠᠢ ᠶᠠᠪᠤᠭᠳᠠᠨ᠎ᠠ᠃ ᠳᠣᠯᠣᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠨᠠᠢ᠌ᠷ᠎ᠢ ᠡᠷᠬᠢᠯᠡᠭᠰᠡᠨ᠎ᠨᠢ ᠤᠨᠴᠠᠯᠢᠬᠳᠤ ᠡᠬᠢ ᠪᠠᠶᠠᠯᠢᠭ᠎ᠤᠨ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠢ ᠬᠢᠵᠢᠭ᠎ᠲᠠᠢ ᠲᠡᠮᠡᠴᠡᠬᠦ ᠪᠠ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠰᠡᠷᠭᠦᠭᠡᠬᠦ ᠪᠦᠲᠦᠮᠵᠢᠲᠡᠶ ᠭᠠᠷᠳᠠᠴᠠ ᠪᠣᠯᠭ᠋ᠠᠵᠤ᠂ ᠪᠥᠬᠥ ᠬᠣᠲᠠ ᠵᠢᠨ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠤᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠬᠥᠭᠵᠢᠭᠦᠯᠬᠦ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢᠨ ᠲᠥᠯᠥᠭᠡ ᠶᠤᠮ᠃ ᠳᠣᠯᠣᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠨᠠᠢ᠌ᠷ᠎ᠨᠢ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠤᠳᠬ᠎ᠠ ᠤᠷᠠᠯᠢᠭ᠎ᠤᠨ ᠪᠠᠬᠠᠷᠬᠠᠯ᠂ ᠰᠡᠯᠡᠭᠦᠴᠡᠯ ᠵᠤᠭ᠎ᠠ ᠴᠡᠩᠭᠡᠯ᠂ ᠤᠯᠠᠮᠵᠢᠯᠠᠯᠲᠤ ᠤᠷᠤᠯᠳᠤᠭ᠋ᠠᠨ᠂ ᠨᠤᠲᠤᠭ᠎ᠤᠨ ᠰᠡᠳᠬᠢᠯᠭᠡ ᠵᠢᠨ ᠰᠤᠯᠢᠯᠴᠠᠭ᠎ᠠ ᠬᠠᠷᠢᠯᠴᠠᠭ᠎ᠠ᠂ ᠠᠮᠲᠠᠲᠤ ᠢᠳᠡᠭᠡᠨ᠂ ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠭ᠎ᠠ ᠵᠡᠷᠭᠡ 10 ᠲᠥᠷᠥᠯ᠎ᠤᠨ 20 ᠵᠦᠢᠯ᠎ᠤᠨ ᠠᠵᠢᠯᠯᠠᠭ᠎ᠠ ᠵᠢ ᠥᠷᠨᠢᠭᠦᠯᠵᠦ᠂ 《  ᠨᠤᠲᠤᠭ ᠤᠰᠤ᠂ ᠨᠤᠲᠤᠭ᠎ᠤᠨ ᠵᠠᠩᠰᠢᠯ᠂ ᠨᠤᠲᠤᠭ᠎ᠤᠨ ᠬᠠᠢ᠌ᠷ᠎ᠠ》᠎ᠤᠨ ᠣᠨᠴᠠᠯᠢᠭ᠎ᠢ ᠳᠣᠪᠣᠢ᠌ᠯᠭ᠋ᠠᠨ᠂ ᠵᠢᠭᠤᠯᠴᠢᠯᠠᠭᠴᠢᠳ᠎ᠲᠤ ᠣᠷᠳᠣᠰ ᠬᠣᠲᠠ ᠵᠢᠨ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠪᠠ ᠥᠪᠡᠷᠮᠢᠴᠡ ᠣᠨᠴᠠᠯᠢᠭ ᠪᠥᠬᠥᠶ ᠬᠥᠳᠡᠭᠡ ᠲᠣᠰᠬᠣᠨ᠎ᠤ ᠵᠢᠭᠤᠯᠴᠢᠯᠠᠯ᠎ᠤᠨ ᠦᠢᠯᠡᠳᠬᠦᠨ᠎ᠢ ᠭᠦᠢᠴᠡᠳ ᠣᠢ᠌ᠯᠠᠭ᠋ᠠᠭᠤᠯᠤᠨ᠎ᠠ  ᠃

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠯᠸᠢ ᠬᠠᠶ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠵᠣᠬᠢᠴᠠᠭᠤᠯᠤᠨ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠪᠠ
ᠴᠤᠤᠶᠠᠩ ᠬᠤᠳᠠ — ᠤᠯᠠᠭ᠋ᠠᠨᠬᠠᠳᠠ ᠬᠤᠳᠠ ᠬᠤᠩᠱ᠌ᠠᠨ᠎ᠤ ᠰᠣᠶᠣᠯ᠎ᠢ ᠰᠣᠶᠣᠯ᠎ᠤᠨ ᠥᠪ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠠᠬᠢᠭᠤᠯᠬᠤ ᠰᠠᠭᠤᠳᠠᠯ᠎ᠤᠨ ᠬᠤᠷᠠᠯ ᠬᠤᠷᠠᠯᠳᠤᠪᠠ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ《ᠭᠤᠷᠪᠠᠨ ᠵᠦᠢᠯ᠎ᠤᠨ ᠠᠷᠭ᠎ᠠ ᠬᠡᠮᠵᠢᠶ᠎ᠡ》᠎ᠪᠠᠷ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠪᠦᠲᠦᠮᠵᠢᠲᠡᠶ ᠥᠷᠨᠢᠭᠦᠯᠪᠡ
ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠥᠷᠨᠢᠭᠦᠯᠪᠡ
 
            