ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ《ᠭᠤᠷᠪᠠᠨ ᠵᠦᠢᠯ᠎ᠤᠨ ᠠᠷᠭ᠎ᠠ ᠬᠡᠮᠵᠢᠶ᠎ᠡ》᠎ᠪᠠᠷ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠪᠦᠲᠦᠮᠵᠢᠲᠡᠶ ᠥᠷᠨᠢᠭᠦᠯᠪᠡ
ᠨᠡᠶᠢᠲᠡᠯᠡᠭᠰᠡᠨ ᠴᠠᠭ᠄ 2022-07-26

      ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠭᠤᠷᠪᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠡᠢ᠌ᠭᠡᠮ᠎ᠤᠨ ᠤᠬᠠᠭᠤᠯᠵᠤ ᠬᠥᠲᠥᠯᠥᠨ ᠵᠢᠯᠣᠭᠣᠳᠬᠤ ᠡᠷᠴᠢᠮ ᠪᠠ ᠬᠥᠨᠥᠭᠡᠬᠦ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠲᠠᠰᠤᠷᠠᠯᠲᠠ ᠥᠬᠡᠶ ᠴᠢᠩᠭ᠋ᠠᠷᠠᠭᠤᠯᠵᠤ᠂ ᠨᠠᠰᠤᠲᠠᠢ᠌ᠴᠤᠳ᠎ᠢ ᠮᠡᠬᠡᠯᠡᠯ᠎ᠤᠨ ᠤᠨᠠᠭᠤᠯᠢ᠎ᠠᠴᠠ ᠬᠣᠯᠠᠳᠠᠭᠤᠯᠪᠠ᠃
      ᠨᠢᠭᠡ᠎ᠳᠤ᠂ ᠵᠢᠭᠤᠯᠴᠢᠯᠠᠯ᠎ᠤᠨ ᠦᠵᠡᠮᠵᠢ ᠵᠢᠨ ᠭᠠᠵᠠᠷ᠂ ᠨᠠᠰᠤᠲᠠᠢ᠌ᠴᠤᠳ᠎ᠤᠨ ᠠᠵᠢᠯᠯᠠᠭ᠋ᠠᠨ᠎ᠤ ᠦᠢᠯᠡᠴᠢᠯᠡᠭᠡ ᠲᠥᠪᠯᠡᠷᠡᠭᠰᠡᠨ ᠲᠠᠯᠠᠪᠤᠷ ᠭᠠᠵᠠᠷ᠎ᠲᠤ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠢ᠌ᠯᠪᠤᠷᠢᠯᠠᠬᠤ᠂ ᠮᠡᠳᠡᠯᠭᠡ ᠵᠢᠨ ᠬᠢᠴᠢᠶᠡᠯ᠎ᠤᠨ ᠲᠠᠩᠬᠢᠮ ᠥᠷᠨᠢᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠰᠣᠶᠣᠯ ᠵᠢᠭᠤᠯᠴᠢᠯᠠᠯ᠎ᠤᠨ ᠬᠦᠷᠢᠶᠡᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠠᠷᠭ᠎ᠠ ᠪᠠᠰᠢᠷ᠎ᠢ ᠢᠯᠡᠴᠢᠯᠡᠪᠡ᠃ ᠬᠣᠶᠠᠷ᠎ᠲᠤ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ《ᠵᠥᠪᠰᠢᠶᠡᠷᠡᠯ ᠥᠬᠡᠶ᠎ᠪᠠᠷ ᠵᠢᠭᠤᠯᠴᠢᠯᠠᠯ᠎ᠤᠨ ᠦᠢᠯᠡᠴᠢᠯᠡᠭᠡᠨ᠎ᠤ ᠭᠠᠵᠠᠷ᠎ᠤᠨ ᠲᠤᠬᠠᠢ᠌ᠯᠠᠭᠰᠠᠨ ᠠᠵᠢᠯ᠎ᠢ ᠡᠵᠡᠩᠨᠡᠵᠦ ᠪᠠᠢ᠌ᠬᠤ》᠂ 《ᠵᠦᠶ ᠵᠣᠬᠢᠰ ᠥᠬᠡᠶ ᠳᠣᠤᠷ᠎ᠠ ᠦᠨ᠎ᠡ ᠵᠢᠨ ᠵᠢᠭᠤᠯᠴᠢᠯᠠᠯ》᠎ᠢ ᠴᠢᠩᠭ᠎ᠠ ᠪᠠᠢ᠌ᠴᠠᠭ᠋ᠠᠵᠤ᠂ ᠠᠳᠠᠯᠢ ᠨᠢᠭᠡᠨ ᠵᠢᠭᠤᠯᠴᠢᠯᠠᠯ᠎ᠤᠨ ᠪᠦᠯᠬᠦᠮ᠎ᠤᠨ ᠨᠠᠰᠤᠲᠠᠶ ᠵᠢᠭᠤᠯᠴᠢᠯᠠᠭᠴᠢ᠎ᠳᠤ ᠪᠤᠰᠤᠳ ᠵᠢᠭᠤᠯᠴᠢᠯᠠᠭᠴᠢ᠎ᠲᠠᠢ ᠠᠳᠠᠯᠢ ᠪᠤᠰᠤ ᠭᠡᠷ᠎ᠡ ᠵᠢᠨ ᠵᠦᠢᠯᠡᠰ᠎ᠢ ᠳᠤᠷᠠᠳᠬᠤ ᠵᠡᠷᠭᠡ ᠨᠠᠰᠤᠲᠠᠢ᠌ᠴᠤᠳ᠎ᠤᠨ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠡᠵᠡᠩᠨᠡᠯᠲᠡ ᠬᠢᠬᠦ ᠵᠡᠷᠭᠡ ᠦᠢᠯᠡ ᠠᠵᠢᠯᠯᠠᠭ᠎ᠠ᠂ ᠨᠠᠰᠤᠲᠠᠢ᠌ᠴᠤᠳ ᠵᠶ᠋ᠠᠷ ᠭᠣᠤᠯ ᠬᠠᠷᠠᠯᠲᠠ ᠪᠤᠯᠭ᠋ᠠᠭᠰᠠᠨ ᠪᠦᠯᠬᠦᠮ ᠨᠡᠢ᠌ᠲᠡ᠂ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠣᠯᠠᠭᠤᠯᠤᠯᠲᠠ᠎ᠪᠠᠷ ᠵᠣᠷᠢᠯᠭ᠎ᠠ ᠪᠣᠯᠭ᠋ᠠᠵᠤ ᠵᠣᠬᠢᠶᠠᠨ ᠪᠠᠢ᠌ᠭᠤᠯᠤᠭᠰᠠᠨ ᠬᠠᠤᠯᠢ᠎ᠠᠴᠠ ᠵᠥᠷᠢᠴᠡᠭᠰᠡᠨ ᠵᠢᠭᠤᠯᠴᠢᠯᠠᠯ᠎ᠤᠨ ᠠᠵᠢᠯᠯᠠᠭ᠎ᠠ ᠵᠢ ᠴᠡᠭᠴᠡᠯᠡᠨ ᠵᠠᠰᠠᠪᠠ᠃ ᠵᠢᠯ᠎ᠤᠨ ᠡᠬᠢᠨ᠎ᠠᠴᠠ ᠨᠠᠭ᠋ᠠᠰᠢ᠂ ᠠ ᠮᠸᠩ ᠲᠦᠩᠯᠢᠶᠣᠤ ᠵᠢᠭᠤᠯᠴᠢᠯᠠᠯ᠎ᠤᠨ ᠪᠦᠯᠬᠦᠮ᠎ᠤᠨ᠎ᠬᠢᠨ ᠵᠢᠭᠤᠯᠴᠢᠯᠠᠯ᠎ᠤᠨ ᠦᠢᠯᠡᠴᠢᠯᠡᠭᠡᠨ᠎ᠤ ᠭᠠᠵᠠᠷ᠎ᠤᠨ ᠲᠤᠬᠠᠢ᠌ᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠢ ᠬᠠᠤᠯᠢ ᠶᠣᠰᠣᠭ᠋ᠠᠷ ᠣᠯᠤᠭᠰᠠᠨ ᠥᠬᠡᠶ᠎ᠪᠠᠷ ᠪᠤᠰᠢᠭᠤ ᠭᠠᠷ ᠲᠠᠪᠴᠠᠩ ᠵᠶ᠋ᠠᠷ ᠵᠢᠭᠤᠯᠴᠢᠯᠠᠯ᠎ᠤᠨ ᠦᠢᠯᠡᠴᠢᠯᠡᠭᠡᠨ᠎ᠤ ᠭᠠᠵᠠᠷ᠎ᠤᠨ ᠲᠤᠬᠠᠢ᠌ᠯᠠᠭᠰᠠᠨ ᠠᠵᠢᠯ᠎ᠢ ᠬᠢᠭᠰᠡᠨ ᠬᠡᠷᠡᠭ᠂ ᠲᠦᠩᠯᠢᠶᠣᠤ ᠬᠣᠲᠠ ᠵᠢᠨ ᠱᠧᠩ᠎ᠲᠤ ᠵᠢᠭᠤᠯᠴᠢᠯᠠᠯ᠎ᠤᠨ ᠦᠢᠯᠡᠴᠢᠯᠡᠭᠡᠨ᠎ᠤ ᠭᠠᠵᠠᠷ ᠵᠢᠭᠤᠯᠴᠢᠯᠠᠯ᠎ᠤᠨ ᠬᠥᠲᠥᠴᠢ ᠵᠢᠨ ᠦᠨᠡᠮᠯᠡᠯ ᠥᠬᠡᠶ ᠬᠥᠮᠦᠰ᠎ᠲᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠠᠵᠢᠯ ᠬᠠᠩᠭ᠋ᠠᠭᠰᠠᠨ ᠬᠡᠷᠡᠭ ᠵᠡᠷᠭᠡ ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠪᠠ᠃ ᠭᠤᠷᠪᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠠᠰᠠᠭᠤᠳᠠᠯ᠎ᠤᠨ ᠬᠡᠮ ᠰᠣᠭᠣᠭ᠎ᠢ ᠴᠡᠭᠴᠡᠯᠡᠨ ᠵᠠᠰᠠᠵᠤ᠂ ᠪᠠᠢ᠌ᠴᠠᠭ᠋ᠠᠨ ᠳᠣᠲᠣᠯᠠᠭᠰᠠᠨ ᠨᠢᠭᠡᠨ ᠰᠣᠶᠣᠯ᠎ᠤᠨ ᠳᠠᠮᠵᠢᠭᠤᠯᠭ᠎ᠠ ᠵᠢᠨ ᠬᠢᠵᠠᠭ᠋ᠠᠷᠲᠤ ᠺᠣᠮᠫᠠᠨᠢ ᠵᠢᠨ ᠬᠡᠪᠴᠢᠶ᠎ᠡ᠎ᠠᠴᠠ᠎ᠪᠠᠨ ᠬᠡᠲᠦᠷᠡᠭᠦᠯᠦᠨ ᠤᠷᠠᠯᠢᠭ᠎ᠤᠨ ᠪᠦᠲᠦᠭᠡᠯ ᠡᠵᠡᠩᠨᠡᠵᠦ ᠪᠠᠢ᠌ᠭ᠎ᠠ ᠬᠡᠷᠡᠭ᠎ᠲᠤ᠎ᠬᠢ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠰᠡᠵᠢᠭᠯᠡᠯᠲᠡᠶ ᠰᠦᠪᠡᠭᠴᠢ ᠵᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠭᠦᠨᠵᠡᠭᠡᠶ ᠬᠢᠨᠠᠨ ᠪᠠᠢ᠌ᠴᠠᠭ᠋ᠠᠯᠭ᠋ᠠᠵᠤ ᠰᠢᠢᠳᠪᠦᠷᠢᠯᠡᠭᠦᠯᠦᠨ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠪᠠ᠃
      ᠣᠳᠣᠬᠠᠨ᠎ᠳᠤ᠂ ᠲᠤᠰᠬᠠᠶ ᠠᠵᠢᠯᠯᠠᠭ᠎ᠠ᠎ᠨᠢ ᠨᠢᠭᠡᠨᠲᠡ ᠭᠣᠤᠯᠳᠠᠯᠭ᠎ᠠ᠎ᠲᠠᠢ ᠴᠣᠬᠢᠯᠲᠠ ᠥᠭᠬᠦ ᠱᠠᠲᠤᠨ᠎ᠳᠤ ᠣᠷᠣᠵᠤ᠂ ᠲᠦᠩᠯᠢᠶᠣᠤ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠨᠢ ᠬᠡᠷᠡᠭ᠎ᠢ ᠪᠠᠢ᠌ᠴᠠᠭ᠋ᠠᠨ ᠰᠢᠢᠳᠪᠦᠷᠢᠯᠡᠬᠦ᠎ᠪᠠᠷ ᠭᠣᠤᠯ ᠪᠣᠯᠭ᠋ᠠᠬᠤ ᠵᠢ ᠪᠠᠷᠢᠮᠲᠠᠯᠠᠨ᠂ ᠣᠯᠠᠨ ᠲᠦᠮᠡᠨ᠎ᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠠᠰᠠᠭᠤᠳᠠᠯ᠎ᠤᠨ ᠰᠦᠪᠡᠭᠴᠢ ᠵᠢ ᠭᠦᠨᠵᠡᠭᠡᠶ ᠤᠢ᠌ᠯᠠᠭ᠋ᠠᠨ ᠵᠢᠭᠰᠠᠭ᠋ᠠᠵᠤ᠂ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠬᠠᠤᠯᠢ ᠶᠣᠰᠣᠭ᠋ᠠᠷ ᠴᠣᠬᠢᠯᠲᠠ ᠥᠭᠴᠦ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃

ᠢᠷᠡᠯᠲᠡ᠄ ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠥᠷᠨᠢᠭᠦᠯᠪᠡ
ᠠᠯᠠᠱ᠌ᠠ ᠠᠶ᠋ᠢᠮᠠᠭ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ 100 % ᠎ᠪᠠᠷ ᠲᠦᠷ ᠪᠤᠴᠠᠭ᠋ᠠᠵᠤ᠂ ᠵᠢᠭᠤᠯᠴᠢᠯᠠᠯ᠎ᠤᠨ ᠬᠤᠷᠢᠶᠠᠨ᠎ᠤ ᠪᠠᠯᠠ ᠮᠥᠩᠬᠦᠨ᠎ᠤ ᠳᠠᠷᠤᠯᠲᠠ ᠵᠢ ᠨᠠᠮᠳᠠᠭᠤᠯᠪᠠ
ᠡᠷᠢᠶᠡᠨ ᠬᠤᠳᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠢ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠬᠤ ᠠᠶᠤᠯ ᠦᠭᠡᠢ ᠦᠢ᠍ᠯᠡᠳᠪᠦᠷᠢᠯᠡᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠷᠢᠯᠠᠭᠤᠯᠤᠯᠲᠠ ᠵᠢᠨ ᠬᠤᠷᠠᠯ ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠠᠯᠠᠱ᠌ᠠ ᠠᠢ᠌ᠮᠠᠭ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ
ᠪᠦᠬᠦ ᠤᠯᠤᠰ᠎ᠤᠨ ᠲᠠᠷᠢᠶᠠᠯᠠᠩ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠵᠦ ᠨᠡᠭᠡᠭᠡᠨ ᠬᠦᠭᠵᠢᠬᠦᠯᠬᠦ ᠰᠢᠨ᠎ᠡ ᠵᠢ ᠡᠭᠦᠳᠬᠦ ᠴᠢᠳᠠᠪᠤᠷᠢᠲᠠᠨ ᠎ᠤ ᠪᠣᠯᠪᠠᠰᠤᠷᠠᠯ᠎ᠤᠨ ᠠᠩᠭᠢ ᠬᠢᠩᠭ᠋ᠠᠨ ᠠᠢ᠌ᠮᠠᠭ᠎ᠲᠤ ᠬᠢᠴᠢᠶᠡᠯ ᠡᠬᠢᠯᠡᠪᠡ
 
            