ᠣᠶ᠋ᠢᠷ᠎ᠠ᠎ᠳᠤ᠂ ᠵᠢᠭᠤᠯᠴᠢᠯᠠᠯ᠎ᠤᠨ ᠬᠤᠷᠢᠶ᠎ᠠ ᠪᠠ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ ᠵᠢ ᠪᠥᠬᠥ ᠬᠦᠴᠦᠨ ᠵᠶ᠋ᠡᠷ ᠳᠡᠮᠵᠢᠵᠦ᠂ ᠪᠥᠬᠥ ᠠᠶ᠋ᠢᠮᠠᠭ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠨᠡᠨ ᠬᠦ᠌ ᠲᠣᠭᠲᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠠᠯᠢ ᠲᠦᠷᠭᠡᠨ ᠵᠶ᠋ᠡᠷ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠯᠠᠱ᠌ᠠ ᠠᠶ᠋ᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠣᠶᠠᠳᠤᠭ᠋ᠠᠷ ᠤᠳᠠᠭ᠋ᠠᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠬᠤ ᠠᠵᠢᠯ᠎ᠢ ᠢᠳᠡᠪᠬᠢᠲᠡᠶ ᠠᠬᠢᠭᠤᠯᠪᠠ᠃
ᠨᠢᠭᠡ᠎ᠳᠤ᠂ ᠤᠷᠢᠳᠴᠢᠯᠠᠨ ᠲᠥᠰᠦᠪᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠪᠠ᠃ ᠲᠣᠰ ᠣᠳᠠᠭ᠋ᠠᠨ ᠤ ᠲᠦᠷ ᠪᠤᠴᠠᠭ᠋ᠠᠯᠲᠠ᠎ᠳᠤ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠬᠤ᠂ ᠬᠠᠤᠯᠢ ᠳᠤ ᠨᠡᠢ᠌ᠴᠡᠬᠦ ᠡᠰᠡᠬᠦ ᠵᠢ ᠬᠢᠨᠠᠨ ᠪᠠᠶ᠋ᠢᠴᠠᠭ᠋ᠠᠬᠤ᠂ ᠬᠠᠤᠯᠢ ᠶᠣᠰᠣᠭ᠋ᠠᠷ ᠲᠦᠷ ᠪᠤᠴᠠᠭ᠋ᠠᠬᠤ ᠵᠠᠷᠴᠢᠮ᠎ᠢ ᠪᠠᠷᠢᠮᠲᠠᠯᠠᠵᠤ᠂ ᠪᠥᠬᠥ ᠠᠶ᠋ᠢᠮᠠᠭ᠎ᠤᠨ ᠵᠢᠭᠤᠯᠴᠢᠯᠠᠯ᠎ᠤᠨ ᠬᠤᠷᠢᠶᠠᠨ ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠬᠤ ᠠᠵᠢᠯ᠎ᠢ ᠬᠦᠢ᠍ᠴᠡᠳᠬᠡᠪᠡ᠃ ᠭᠦᠢ᠍ᠴᠡᠳᠬᠡᠬᠦ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠬᠦᠯᠦᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠬᠤᠭᠤᠴᠠᠭ᠋ᠠᠨ᠎ᠳᠤ ᠵᠢᠭᠤᠯᠴᠢᠯᠠᠯ᠎ᠤᠨ ᠬᠤᠷᠢᠶᠠᠨ ᠳᠤ ᠦᠨᠡᠨ ᠬᠦ᠌ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠬᠠᠩᠭ᠋ᠠᠬᠤ ᠵᠢᠨ ᠲᠥᠯᠥᠭᠡ᠂ ᠠᠵᠢᠯ᠎ᠤᠨ ᠴᠤᠪᠤᠷᠠᠯ ᠪᠠ ᠡᠯ᠎ᠡ ᠲᠥᠷᠥᠯ᠎ᠤᠨ ᠮᠡᠷᠭᠡᠵᠢᠯ᠎ᠤᠨ ᠵᠢᠷᠤᠮᠵᠢᠯ᠎ᠤᠨ ᠪᠢᠴᠢᠭ ᠬᠠᠷ᠎ᠠ ᠵᠢ ᠤᠷᠢᠳᠴᠢᠯᠠᠨ ᠲᠤᠭᠤᠷᠪᠢᠭᠰᠠᠨ ᠪᠥᠭᠡᠳ ᠡᠯ᠎ᠡ ᠰᠠᠯᠠᠭ᠎ᠠ ᠮᠥᠴᠢᠷ᠎ᠤᠨ ᠪᠡᠯᠡᠳᠬᠡᠯ ᠠᠵᠢᠯ᠎ᠢ ᠵᠣᠯᠭ᠋ᠠᠭᠤᠯᠤᠨ ᠰᠠᠶ᠋ᠢᠲᠤᠷ ᠬᠢᠪᠠ᠃ 2021 ᠣᠨ᠎ᠳᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠬᠤ ᠵᠢ ᠭᠤᠶᠤᠴᠢᠯᠠᠭᠰᠠᠨ 18 ᠵᠢᠭᠤᠯᠴᠢᠯᠠᠯ᠎ᠤᠨ ᠬᠤᠷᠢᠶᠠᠨ ᠤ ᠭᠠᠷᠭ᠋ᠠᠨ ᠠᠪᠬᠤ ᠠᠵᠢᠯ᠎ᠢ ᠬᠦᠢ᠍ᠴᠡᠳᠬᠡᠵᠦ᠂ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠨᠡᠶ᠋ᠢᠲᠡ 236 ᠲᠦᠮᠡᠨ ᠲᠥᠭᠥᠷᠢᠭ ᠲᠥᠷ ᠪᠤᠴᠠᠭ᠋ᠠᠵᠠᠶ᠃ 2022 ᠣᠨ᠎ᠠᠴᠠ ᠨᠠᠭ᠋ᠠᠰᠢ᠂ 8 ᠵᠢᠭᠤᠯᠴᠢᠯᠠᠯ᠎ᠤᠨ ᠬᠤᠷᠢᠶᠠᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠪᠥᠬᠥ ᠲᠣᠭ᠎ᠠ᠎ᠪᠠᠷ᠎ᠨᠢ ᠪᠤᠴᠠᠭ᠋ᠠᠬᠤ ᠠᠵᠢᠯ᠎ᠢ ᠬᠦᠢ᠍ᠴᠡᠳᠬᠡᠵᠦ᠂ 44 ᠲᠦᠮᠡᠨ ᠲᠥᠭᠥᠷᠢᠭ᠎ᠤᠨ ᠲᠦᠷ ᠪᠤᠴᠠᠭ᠋ᠠᠬᠤ ᠮᠥᠩᠭᠥ᠎ᠳᠤ ᠬᠣᠯᠪᠣᠭᠳᠠᠵᠠᠶ᠃
ᠬᠣᠶᠠᠷ᠎ᠲᠤ ᠂ ᠬᠢᠨᠠᠨ ᠵᠥᠪᠰᠢᠶᠡᠷᠡᠬᠦ ᠵᠢ ᠳᠥᠭᠥᠮᠴᠢᠯᠡᠵᠦ᠂ ᠶᠠᠪᠤᠴᠠ ᠵᠢ ᠳᠥᠬᠦᠮᠴᠢᠯᠡᠵᠡᠢ᠃ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠬᠦ ᠳᠠᠷᠤᠯᠲᠠ ᠲᠤᠶ᠋ᠢᠯ᠎ᠤᠨ ᠶᠡᠬᠡ᠃ ᠠᠵᠤ ᠠᠬᠤᠶ᠋ᠢᠯᠠᠯ᠎ᠳᠤ ᠳᠥᠭᠥᠮ ᠳᠥᠲᠡ ᠦᠢ᠍ᠯᠡᠴᠢᠯᠡᠭᠡ ᠬᠠᠩᠭ᠋ᠠᠬᠤ ᠵᠢᠨ ᠲᠥᠯᠥᠭᠡ᠂ ᠲᠡᠷᠡ ᠳᠠᠷᠤᠶ ᠳᠤᠨᠢ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠤᠬᠠᠭᠤᠯᠭ᠎ᠠ ᠬᠢᠵᠦ᠂ ᠵᠢᠭᠤᠯᠴᠢᠯᠠᠯ᠎ᠤᠨ ᠬᠤᠷᠢᠶᠠᠨ᠎ᠳᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠲᠦᠷ ᠪᠤᠴᠠᠭ᠋ᠠᠬᠤ ᠬᠡᠪᠴᠢᠶ᠎ᠡ᠂ ᠠᠵᠢᠯ ᠬᠦᠢ᠍ᠴᠡᠳᠬᠡᠬᠦ ᠴᠤᠪᠤᠷᠠᠯ᠂ ᠬᠡᠷᠡᠭᠰᠡᠬᠦ ᠮᠠᠲ᠋ᠧᠷᠢᠶᠠᠯ ᠵᠡᠷᠭᠡ ᠠᠭᠤᠯᠭ᠎ᠠ ᠵᠢ ᠤᠬᠠᠭᠤᠯᠵᠤ᠂ ᠭᠤᠶᠤᠴᠢᠯᠠᠭᠴᠢ ᠵᠢᠨ《ᠨᠢᠭᠡ ᠤᠳᠠᠭ᠎ᠠ᠎ᠳᠤ ᠮᠡᠳᠡᠭᠳᠡᠬᠦ᠂ ᠨᠢᠭᠡ ᠢᠵᠢ ᠮᠠᠲ᠋ᠧᠷᠢᠶᠠᠯ᠂ ᠨᠢᠭᠡ ᠤᠳᠠᠭ᠎ᠠ᠎ᠳᠤ ᠬᠦᠢ᠍ᠴᠡᠳᠬᠡᠬᠦ》 ᠵᠢ ᠪᠡᠶᠡᠯᠡᠭᠦᠯᠵᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠮᠡᠳᠡᠪᠡᠯ ᠵᠣᠬᠢᠬᠤ ᠪᠦᠬᠦᠨ᠎ᠢ ᠮᠡᠳᠡᠬᠦ᠂ ᠡᠳ᠋ᠯᠡᠪᠡᠯ ᠵᠣᠬᠢᠬᠤ ᠪᠦᠬᠦᠨ᠎ᠢ ᠡᠳ᠋ᠯᠡᠬᠦ ᠵᠢ ᠪᠡᠶᠡᠯᠡᠭᠦᠯᠪᠡ᠃
ᠭᠤᠷᠪᠠ᠎ᠳᠤ᠂ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠪᠠ᠃ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠰᠠᠭᠤᠳᠠᠯ ᠤᠨ ᠬᠤᠷᠠᠯ᠎ᠢ ᠴᠠᠭ ᠲᠤᠬᠠᠶ ᠳᠤᠨᠢ ᠵᠣᠬᠢᠶᠠᠨ ᠪᠠᠢ᠌ᠭᠤᠯᠵᠤ ᠬᠤᠷᠠᠯᠳᠤᠭᠤᠯᠤᠨ ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠰᠦᠪᠡᠭᠴᠢᠯᠡᠨ ᠲᠣᠭᠲᠠᠭ᠋ᠠᠵᠤ᠂ ᠠᠵᠤ ᠠᠬᠤᠶ᠋ᠢᠯᠠᠯ᠎ᠤᠨ ᠬᠦᠴᠢᠷᠳᠡᠯ᠎ᠢ ᠴᠢᠳᠠᠯ᠎ᠤᠨ ᠬᠢᠷᠢ᠎ᠪᠠᠷ ᠵᠶ᠋ᠡᠨ ᠰᠢᠢ᠍ᠳᠪᠦᠷᠢᠯᠡᠵᠦ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠬᠤ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠨᠥᠬᠥᠴᠡᠯ᠎ᠳᠤ ᠨᠡᠶ᠋ᠢᠴᠡᠬᠦ ᠵᠢᠭᠤᠯᠴᠢᠯᠠᠯ᠎ᠤᠨ ᠬᠤᠷᠢᠶᠠᠨ ᠤ ᠲᠦᠷ ᠪᠤᠴᠠᠭ᠋ᠠᠬᠤ ᠬᠠᠷᠢᠴᠠᠯ᠎ᠢ 100 % ᠪᠣᠯᠲᠠᠯ᠎ᠠ ᠳᠡᠭᠡᠭᠰᠢᠯᠡᠭᠦᠯᠵᠦ᠂ ᠲᠦᠷ ᠪᠤᠴᠠᠭ᠋ᠠᠬᠤ ᠬᠤᠭᠤᠴᠠᠭ᠎ᠠ ᠵᠢ 2023 ᠣᠨ᠎ᠤ 3 ᠳ᠋ᠤᠭ᠋ᠠᠷ ᠰᠠᠷ᠎ᠠ ᠵᠢᠨ 31 ᠤ ᠡᠳᠦᠷ ᠪᠣᠯᠲᠠᠯ᠎ᠠ ᠤᠷᠲᠤᠳᠬᠠᠵᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷ᠎ᠢ ᠬᠠᠮᠲᠤ᠎ᠪᠠᠷ ᠳᠤᠭᠤᠯᠵᠤ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠠᠵᠤ ᠠᠬᠤᠶ ᠵᠢᠨ ᠶᠡᠬᠡ ᠵᠠᠬ᠎ᠠ ᠵᠢ ᠲᠤᠭᠲᠠᠪᠤᠷᠢᠵᠢᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠠᠯᠠᠱ᠌ᠠ ᠠᠶ᠋ᠢᠮᠠᠭ᠎ᠨᠢ ᠡᠯ᠎ᠡ ᠬᠤᠰᠢᠭᠤᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢᠨ ᠠᠵᠢᠯ᠎ᠤᠨ ᠡᠬᠡ ᠲᠠᠩᠰᠠ ᠵᠢ ᠲᠡᠭᠦᠯᠳᠡᠷᠵᠢᠬᠦᠯᠬᠦ ᠵᠢ ᠱᠠᠯᠠᠪᠳᠠᠨ ᠂ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠭᠰᠠᠨ ᠵᠢᠭᠤᠯᠴᠢᠯᠠᠯ᠎ᠤᠨ ᠬᠤᠷᠢᠶᠠᠨ ᠤ ᠪᠥᠬᠥ ᠤᠯᠤᠰ᠎ᠤᠨ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢᠨ ᠮᠡᠳᠡᠭᠡ ᠵᠠᠩᠭᠢ᠎ᠪᠠᠨ ᠬᠤᠪᠢᠷᠠᠭᠤᠯᠬᠤ ᠪᠠ ᠳᠠᠩᠰᠠᠯᠠᠬᠤ ᠠᠵᠢᠯ᠎ᠢ ᠴᠠᠭ ᠲᠤᠬᠠᠶ ᠳᠤᠨᠢ ᠪᠡᠶᠡᠯᠡᠭᠦᠯᠬᠦ ᠵᠢ ᠵᠢᠯᠣᠭᠣᠳᠤᠨ᠎ᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠢᠯᠣᠭᠣᠳᠣᠯᠭ᠎ᠠ ᠳᠤᠤᠷ᠎ᠠ᠂ ᠠᠶ᠋ᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠬᠢᠴᠡ᠎ᠪᠠᠨ ᠬᠤᠪᠢᠷᠠᠭᠤᠯᠤᠨ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠠᠯ᠎ᠠ᠎ᠪᠠᠷ ᠢᠳᠡᠪᠬᠢᠲᠡᠶ ᠰᠦᠪᠡᠭᠴᠢᠯᠡᠵᠦ᠂ ᠪᠥᠬᠥ ᠬᠦᠴᠦᠨ ᠵᠦᠢ᠍ᠯ᠂ ᠪᠥᠬᠥ ᠠᠵᠢᠯ ᠲᠥᠷᠥᠯ᠂ ᠪᠥᠬᠥ ᠶᠠᠪᠤᠴᠠ᠂ ᠪᠥᠬᠥ ᠣᠷᠣᠨ ᠵᠠᠶ᠂ ᠪᠥᠬᠥ ᠬᠦᠷᠢᠶᠡᠨ᠎ᠤ ᠬᠥᠭᠵᠢᠯᠲᠡ ᠵᠢᠨ ᠵᠠᠭᠪᠤᠷ᠎ᠢ ᠲᠤᠷᠰᠢᠵᠤ᠂ ᠠᠵᠤ ᠦᠢ᠍ᠯᠡᠰ᠎ᠤᠨ ᠬᠥᠭᠵᠢᠯᠲᠡ ᠵᠢ ᠪᠦᠬᠦᠯᠢ ᠴᠣᠭᠴᠠ᠎ᠪᠠᠷ᠎ᠨᠢ ᠠᠬᠢᠭᠤᠯᠤᠨ᠂ ᠡᠵᠡᠩᠨᠡᠯᠲᠡ ᠵᠢᠨ ᠲᠥᠯᠥᠪᠲᠦ ᠦᠢ᠍ᠯᠡᠳᠬᠦᠨ᠎ᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ᠎ᠤᠨ ᠦᠢ᠍ᠯᠡᠴᠢᠯᠭᠡᠨᠤ ᠴᠢᠨᠠᠷ ᠪᠠ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃