ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄ 2022-07-15

     7 ᠳ᠋ᠤᠭ᠋ᠠᠷ ᠰᠠᠷ᠎ᠠ ᠵᠢᠨ 11 ᠎ᠤ ᠡᠳᠦᠷ᠂ ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠲᠥᠰᠦᠯ (ᠶᠢᠰᠦᠳᠦᠭᠡᠷ ᠬᠡᠪᠯᠡᠯ)》ᠵᠢᠴᠢ《ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ》᠎ᠤᠨ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠦ ᡁᠢ ᠬᠠᠮᠢᠶ᠎ᠠ ᠪᠥᠬᠥᠶ ᠲᠥᠰᠦᠯ ᠎ᠳᠤ ᠲᠠᠶ᠋ᠢᠯᠤᠮᠵᠢ ᠬᠢᠵᠦ᠂   ᠲᠤᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠲᠤᠪᠴᠢᠶᠠᠨ᠎ᠤ ᠬᠠᠷᠢᠶ᠎ᠠ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ ᠪᠣᠯᠪᠠᠰᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠯᠢᠦ ᡁᠢ《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠲᠥᠰᠦᠯ (ᠶᠢᠰᠦᠳᠦᠭᠡᠷ ᠬᠡᠪᠯᠡᠯ)》ᠪᠣᠯᠤᠨ《ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠬᠢᠵᠢᠭ ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ》᠎ᠤᠨ ᠠᠭᠤᠯᠭ᠎ᠠ ᠵᠢ ᠨᠠᠷᠢᠨ ᠲᠠᠢ᠌ᠯᠪᠤᠷᠢᠯᠠᠵᠤ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠠᠵᠢᠯ ᠲᠥᠷᠥᠯ᠎ᠤᠨ ᠣᠨᠴᠠᠯᠢᠭ᠂ ᠰᠡᠷᠭᠡᠶ᠋ᠢᠯᠡᠨ ᠡᠵᠡᠮᠳᠡᠬᠦ ᠪᠠᠶ᠋ᠢᠳᠠᠯ ᠵᠡᠷᠭᠡ᠎ᠲᠠᠢ ᠤᠶᠠᠯᠳᠤᠭᠤᠯᠵᠤ᠂ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠲᠠᠷᠠᠭ᠋ᠠᠴᠢ ᠵᠢᠨ ᠠᠯᠬᠤᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠣᠬᠢᠷᠠᠭᠤᠯᠤᠨ   ᠪᠠᠢ᠌ᠷᠠᠯᠠᠭᠤᠯᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠠᠭᠤᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠡᠯ᠎ᠡ   ᠨᠢᠭᠡᠴᠢ ᠵᠢ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠬᠡᠷᠡᠭᠯᠡᠭᠡᠨ᠎ᠤ ᠴᠢᠨᠠᠷ ᠵᠶ᠋ᠠᠷ ᠴᠢᠩᠭ᠎ᠠ᠂ ᠬᠡᠷᠡᠭᠵᠢᠭᠦᠯᠵᠦ ᠪᠤᠯᠬᠤᠢ᠌ᠴᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ ᠲᠤᠭᠲᠠᠭ᠋ᠠᠬᠤ ᠵᠢ   ᠱᠠᠭ᠋ᠠᠷᠳᠠᠨ᠂ ᠪᠠᠴᠢᠮ ᠪᠠᠶ᠋ᠢᠳᠠᠯ᠎ᠢ ᠠᠷᠭ᠋ᠠᠴᠠᠬᠤ ᠪᠣᠯᠪᠠᠰᠤᠷᠠᠯ᠎ᠢ ᠴᠢᠩᠭ᠋ᠠᠳᠬᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ ᠬᠡᠷᠡᠭᠲᠡᠢ᠂ ᠰᠤᠯᠠᠷᠠᠭᠤᠯᠤᠯ ᠦᠭᠡᠢ ᠠᠳᠬᠤᠬᠤ᠂ ᠭᠦᠢ᠍ᠴᠡᠳ ᠪᠡᠯᠡᠳᠬᠡᠬᠦ᠂ ᠰᠢᠢ᠍ᠳᠪᠦᠷᠢᠯᠡᠬᠦ ᠴᠢᠳᠠᠪᠤᠷᠢ ᠴᠢᠩᠭ᠎ᠠ ᠪᠠᠢ᠌ᠬᠤ ᠵᠢ ᠱᠠᠭ᠋ᠠᠷᠳᠠᠪᠠ᠃
      ᠪᠤᠯᠪᠠᠰᠤᠷᠠᠯ ᠵᠶ᠋ᠠᠷ ᠳᠡᠮᠵᠢᠨ᠂ ᠪᠥᠬᠥ ᠰᠢᠰᠲ᠋ᠧᠮ᠎ᠤᠨ ᠡᠯ᠎ᠡ ᠨᠢᠭᠡᠴᠢ ᠵᠢᠨ ᠺᠠᠳ᠋ᠷ ᠠᠵᠢᠯᠲᠠᠨ᠎ᠤ ᠳᠤᠮᠳᠠ《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠲᠥᠰᠦᠯ (ᠶᠢᠰᠦᠳᠦᠭᠡᠷ ᠬᠡᠪᠯᠡᠯ)》ᠵᠢᠴᠢ《ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ》᠎ᠤᠨ ᠬᠠᠮᠤᠷᠤᠭᠰᠠᠨ ᠠᠭᠤᠯᠭ᠎ᠠ᠂ ᠡᠭᠦᠷᠭᠡ ᠬᠠᠷᠢᠭᠤᠴᠠᠯᠭ᠎ᠠ ᠵᠢ ᠲᠦᠭᠡᠮᠡᠯᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠶ᠋ᠢᠩᠭᠤᠵᠢᠭᠰᠠᠨ᠂ ᠳᠦᠷᠢᠮᠵᠢᠭᠰᠡᠨ᠂ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠥᠬᠥ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

ᠢᠷᠡᠯᠲᠡ᠄ ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠶ᠋ᠢᠮᠠᠭ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ 100 % ᠎ᠪᠠᠷ ᠲᠦᠷ ᠪᠤᠴᠠᠭ᠋ᠠᠵᠤ᠂ ᠵᠢᠭᠤᠯᠴᠢᠯᠠᠯ᠎ᠤᠨ ᠬᠤᠷᠢᠶᠠᠨ᠎ᠤ ᠪᠠᠯᠠ ᠮᠥᠩᠬᠦᠨ᠎ᠤ ᠳᠠᠷᠤᠯᠲᠠ ᠵᠢ ᠨᠠᠮᠳᠠᠭᠤᠯᠪᠠ
ᠡᠷᠢᠶᠡᠨ ᠬᠤᠳᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠢ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠬᠤ ᠠᠶᠤᠯ ᠦᠭᠡᠢ ᠦᠢ᠍ᠯᠡᠳᠪᠦᠷᠢᠯᠡᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠷᠢᠯᠠᠭᠤᠯᠤᠯᠲᠠ ᠵᠢᠨ ᠬᠤᠷᠠᠯ ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠠᠯᠠᠱ᠌ᠠ ᠠᠢ᠌ᠮᠠᠭ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ
ᠪᠦᠬᠦ ᠤᠯᠤᠰ᠎ᠤᠨ ᠲᠠᠷᠢᠶᠠᠯᠠᠩ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠵᠦ ᠨᠡᠭᠡᠭᠡᠨ ᠬᠦᠭᠵᠢᠬᠦᠯᠬᠦ ᠰᠢᠨ᠎ᠡ ᠵᠢ ᠡᠭᠦᠳᠬᠦ ᠴᠢᠳᠠᠪᠤᠷᠢᠲᠠᠨ ᠎ᠤ ᠪᠣᠯᠪᠠᠰᠤᠷᠠᠯ᠎ᠤᠨ ᠠᠩᠭᠢ ᠬᠢᠩᠭ᠋ᠠᠨ ᠠᠢ᠌ᠮᠠᠭ᠎ᠲᠤ ᠬᠢᠴᠢᠶᠡᠯ ᠡᠬᠢᠯᠡᠪᠡ
ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠤᠯᠠᠭ᠋ᠠᠨᠮᠥ᠋ᠴᠢᠷ᠎ᠤᠨ 1 ᠬᠥᠮᠦᠨ ᠤᠯᠤᠰ᠎ᠤᠨ ᠲᠠᠰ᠎ᠤᠨ ᠠᠯᠲᠠᠨ ᠱᠠᠩᠨᠠᠯ ᠬᠦᠷᠲᠡᠪᠡ
 
            