《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 〈ᠬᠣᠶᠠᠷ᠎ᠢ ᠡᠭᠦᠳᠬᠦ〉 ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠣᠬᠢᠶᠠᠨ ᠪᠠᠢ᠌ᠭᠤᠯᠤᠯᠲᠠ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ 《ᠬᠣᠶᠠᠷ᠎ᠢ ᠡᠭᠦᠳᠬᠦ》 ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃
ᠨᠢᠭᠡ᠎ᠳᠤ᠂ ᠵᠣᠬᠢᠶᠠᠨ ᠪᠠᠢ᠌ᠭᠤᠯᠤᠯᠲᠠ ᠤᠳᠤᠷᠢᠳᠤᠯᠭ᠎ᠠ᠎ᠪᠠᠨ ᠴᠢᠩᠭ᠋ᠠᠳᠬᠠᠪᠠ᠃ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ 《ᠬᠣᠶᠠᠷ᠎ᠢ ᠡᠭᠦᠳᠬᠦ》 ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠠᠵᠢᠯ᠎ᠤᠨ ᠲᠥᠰᠦᠯ ᠲᠣᠭᠲᠠᠭ᠋ᠠᠵᠤ᠂ ᠲᠣᠰ ᠠᠵᠢᠯ᠎ᠢ ᠣᠨ᠎ᠤ ᠭᠣᠤᠯᠳᠠᠯᠭ᠎ᠠ᠎ᠲᠠᠢ ᠠᠵᠢᠯ᠎ᠤᠨ ᠲᠥᠯᠥᠪᠯᠡᠭᠡ᠎ᠳᠤ ᠣᠷᠣᠭᠤᠯᠵᠤ᠂ ᠡᠭᠦᠷᠭᠡ ᠵᠢ ᠠᠬᠢᠭᠤᠯᠬᠤ ᠬᠦᠰᠦᠨᠦᠭᠲᠦ ᠵᠣᠬᠢᠶᠠᠵᠤ᠂ ᠬᠠᠭ᠋ᠠᠰ ᠰᠠᠷ᠎ᠠ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠬᠦ᠎ᠪᠠᠷ ᠲᠤᠭᠲᠠᠪᠠ ᠃
ᠬᠣᠶᠠᠷ᠎ᠲᠤ᠂ ᠲᠤᠰᠬᠠᠢ ᠰᠡᠳᠦᠪ ᠵᠶ᠋ᠡᠷ ᠰᠤᠳᠤᠯᠤᠨ ᠪᠠᠢ᠌ᠷᠢᠯᠠᠭᠤᠯᠪᠠ ᠃ 4 ᠳ᠋ᠤᠭᠡᠷ ᠰᠠᠷ᠎ᠠ᠎ᠠᠴᠠ ᠨᠠᠭ᠋ᠠᠰᠢ᠂ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ 3 ᠤᠳᠠᠭ᠎ᠠ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ 《ᠬᠣᠶᠠᠷ᠎ᠢ ᠡᠭᠦᠳᠬᠦ》 ᠠᠵᠢᠯ᠎ᠢ ᠰᠤᠳᠤᠯᠤᠨ ᠪᠠᠢ᠌ᠷᠢᠯᠠᠭᠤᠯᠵᠤ᠂ 《ᠬᠣᠶᠠᠷ᠎ᠢ ᠡᠭᠦᠳᠬᠦ 》 ᠵᠢ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠬᠦᠴᠦᠲᠡᠶ ᠭᠠᠷᠳᠠᠴᠠ ᠪᠠ ᠪᠦᠲᠦᠮᠵᠢᠲᠡᠶ ᠠᠴᠢᠶᠠᠯᠠᠪᠤᠷᠢ ᠪᠣᠯᠭ᠋ᠠᠪᠠ ᠃ 《ᠬᠣᠶᠠᠷ᠎ᠢ ᠡᠭᠦᠳᠬᠦ》 ᠵᠢᠨ ᠦᠷᠨᠢᠬᠦᠯᠦᠯᠲᠡ ᠵᠢ 《ᠨᠢᠭᠡᠳᠦᠭᠡᠷ ᠭᠠᠷ》᠎ᠤᠨ ᠢᠨᠵᠧᠨᠧᠷᠢᠩ ᠪᠣᠯᠭ᠋ᠠᠵᠤ᠂ ᠣᠨᠣᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠵᠦ᠂ 《ᠲᠥᠷᠥᠯ ᠵᠦᠢ᠍ᠯᠵᠢᠭᠦᠯᠬᠦ》 ᠪᠠᠢ᠌ᠭᠤᠯᠤᠯᠲᠠ ᠵᠢ ᠠᠬᠢᠭᠤᠯᠪᠠ ᠃
ᠭᠤᠷᠪᠠ᠎ᠳᠤ᠂ ᠠᠵᠢᠯ᠎ᠤᠨ ᠡᠭᠦᠷᠭᠡ᠎ᠪᠠᠨ ᠨᠠᠷᠢᠯᠢᠭᠵᠢᠭᠤᠯᠪᠠ ᠃ 《ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ 〈ᠬᠣᠶᠠᠷ᠎ᠢ ᠡᠭᠦᠳᠬᠦ 〉 ᠬᠡᠷᠡᠭᠵᠢᠭᠦᠯᠬᠦ ᠲᠥᠰᠦᠯ》(ᠤᠷᠳᠤᠰ ᠤᠨ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠵᠢᠨ ᠲᠠᠷᠬᠠᠭ᠋ᠠᠭᠰᠠᠨ [2022] 33 ᠳ᠋ᠤᠭ᠋ᠠᠷ ᠲᠤᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 8 ᠵᠦᠢ᠍ᠯ᠂ 25 ᠡᠬᠦᠷᠭᠡ ᠵᠢ ᠳᠤᠷᠠᠳᠪᠠ᠃ ᠨᠠᠷᠢᠨ ᠡᠮᠬᠢᠯᠡᠭᠰᠡᠨ᠎ᠤ ᠳ᠋ᠦᠩ ᠳᠤ᠂ ᠨᠡᠢ᠌ᠲᠡ 79 ᠵᠤᠷᠪᠤᠰ ᠠᠷᠭ᠎ᠠ ᠬᠡᠮᠵᠢᠶ᠎ᠡ (ᠲᠥᠷᠥᠯ ᠵᠦᠢ᠍ᠯ) ᠲᠤᠷᠠᠳᠴᠠᠢ᠂ ᠡᠬᠦᠨ᠎ᠳᠤ ᠭᠤᠤᠯᠳᠠᠯᠭ᠎ᠠ᠎ᠲᠠᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ (ᠲᠥᠷᠥᠯ ᠵᠦᠢ᠍ᠯ) ᠨᠡᠢ᠌ᠲᠡ 21 ᠪᠠᠢ᠌ᠨ᠎ᠠ᠃ ᠣᠳᠣᠬᠠᠨ᠎ᠳᠤ᠂ 79 ᠠᠷᠭ᠎ᠠ ᠬᠡᠮᠵᠢᠶ᠎ᠡ (ᠲᠥᠷᠥᠯ ᠵᠦᠢ᠍ᠯ) ᠠᠴᠠ 13 ᠵᠢ ᠪᠡᠶᠡᠯᠡᠭᠦᠯᠦᠭᠰᠡᠨ ᠪᠠᠢ᠌ᠨ᠎ᠠ᠃