ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2022 ᠣᠨ᠎ᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》 ᠥᠪᠥᠷ ᠮᠣᠩᠭᠣᠯ ᠭᠣᠤᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ ᠬᠢᠩᠭ᠋ᠠᠨ ᠠᠢ᠌ᠮᠠᠭ᠎ᠲᠤ ᠡᠬᠢᠯᠡᠪᠡ
ᠨᠡᠶᠢᠲᠡᠯᠡᠭᠰᠡᠨ ᠴᠠᠭ᠄ 2022-06-16

      ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠠᠮᠠᠭ᠋ᠠᠯᠠᠬᠤ ᠤᠬᠠᠮᠰᠠᠷ ᠵᠶ᠋ᠠᠨ ᠳᠡᠭᠡᠭᠰᠢᠯᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠠᠷᠠᠳ ᠤᠯᠠᠨ᠎ᠤ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠠᠯᠠᠭᠤᠨ ᠰᠡᠳᠬᠢᠯᠭᠡ ᠵᠢ ᠬᠦᠭᠵᠢᠭᠡᠨ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 11᠎ᠤ ᠡᠳᠦᠷ᠂ 《ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤᠶ᠎ᠠ᠄ ᠴᠠᠭ ᠦᠶ᠎ᠡ᠎ᠲᠠᠢ ᠬᠠᠮᠲᠤ᠎ᠪᠠᠷ ᠤᠷᠤᠭᠰᠢᠯᠠᠵᠤ   ᠠᠷᠠᠳ ᠲᠦᠮᠡᠨ᠎ᠲᠠᠢ ᠬᠠᠮᠲᠤ᠎ᠪᠠᠷ ᠡᠳ᠋ᠯᠡᠬᠦ》 ᠭᠣᠣᠯ ᠰᠡᠳᠦᠪᠲᠦ 2022 ᠣᠨ᠎ᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》 ᠥᠪᠥᠷ ᠮᠣᠩᠭᠣᠯ ᠭᠣᠣᠯ ᠬᠤᠷᠠᠯ᠎ᠤᠨ ᠲᠠᠯᠠᠪᠠᠢ ᠵᠢᠨ ᠠᠵᠢᠯᠯᠠᠭ᠎ᠠ ᠬᠢᠩᠭ᠋ᠠᠨ ᠠᠢ᠌ᠮᠠᠭ᠎ᠤᠨ ᠷᠠᠰᠢᠶᠠᠨ ᠬᠤᠳᠠ᠎ᠳᠤ ᠡᠬᠢᠯᠡᠪᠡ᠃ ᠲᠣᠰ ᠤᠳᠠᠭ᠋ᠠᠨ᠎ᠤ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠂ ᠬᠢᠩᠭ᠋ᠠᠨ ᠠᠢ᠌ᠮᠠᠭ᠎ᠤᠨ ᠵᠠᠬᠢᠷᠭ᠎ᠠ ᠭᠣᠤᠯᠯᠠᠨ ᠡᠷᠭᠢᠯᠡᠵᠦ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠷᠠᠰᠢᠶᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠬᠢᠵᠠᠢ᠃


      ᠠᠵᠢᠯᠯᠠᠭ᠋ᠠᠨ᠎ᠤ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠳ ᠡᠯ᠎ᠡ ᠠᠢ᠌ᠮᠠᠭ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠤᠬᠠᠭᠤᠯᠭ᠎ᠠ ᠵᠢᠨ ᠹᠢᠯᠢᠮ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠵᠡᠭᠦᠯᠭᠡ ᠵᠢᠨ ᠰᠠᠮᠪᠠᠷ᠎ᠠ ᠵᠢ ᠲᠣᠭᠣᠷᠢᠨ ᠦᠵᠡᠭᠰᠡᠨ ᠪᠥᠭᠡᠳ ᠵᠣᠴᠢᠳ᠎ᠢ ᠤᠷᠢᠵᠤ ᠷᠠᠰᠢᠶᠠᠨ᠎ᠤ ᠭᠠᠯᠲᠤ ᠲᠡᠷᠭᠡᠨ᠎ᠤ ᠥᠷᠲᠡᠭᠡ᠂ ᠭᠠᠵᠠᠷ ᠰᠢᠨᠵᠢᠯᠡᠭᠡᠨ᠎ᠤ ᠮᠦᠽᠧᠶ ᠵᠢᠴᠢ ᠷᠠᠰᠢᠶᠠᠨ ᠬᠣᠲᠠ ᠵᠢᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠬᠠᠭᠤᠳᠠᠰᠤ ᠵᠡᠷᠭᠡ ᠰᠢᠷᠢᠰ ᠠᠵᠢᠯᠯᠠᠭ᠎ᠠ ᠵᠢ ᠲᠣᠭᠣᠷᠢᠨ ᠦᠵᠡᠭᠦᠯᠪᠡ᠃


      ᠲᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠢ᠌ᠮᠠᠭ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠵᠶ᠋ᠡᠨ ᠪᠣᠯᠭ᠋ᠠᠵᠤ᠂ 《ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤᠶ᠎ᠠ᠄ ᠴᠠᠭ ᠦᠶ᠎ᠡ᠎ᠲᠠᠢ ᠬᠠᠮᠲᠤ᠎ᠪᠠᠷ ᠤᠷᠤᠭᠰᠢᠯᠠᠵᠤ   ᠠᠷᠠᠳ ᠲᠦᠮᠡᠨ᠎ᠲᠠᠢ ᠬᠠᠮᠲᠤ᠎ᠪᠠᠷ ᠡᠳ᠋ᠯᠡᠬᠦ》 ᠭᠣᠤᠯ ᠰᠡᠳᠦᠪ᠎ᠤᠨ ᠲᠣᠭᠣᠷᠢᠨ᠎ᠳᠤ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠢ ᠤᠯᠠᠮ ᠴᠢᠨᠠᠭᠰᠢᠳᠠ ᠥᠷᠨᠢᠭᠦᠯᠦᠨ᠎ᠡ᠃   ᠪᠤᠲᠠᠲᠠᠢ᠎ᠪᠠᠷ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠥᠪ ᠬᠥᠷᠥᠩᠭᠡ ᠵᠢ ᠠᠮᠢᠳᠤᠷᠠᠯ᠎ᠳᠤ ᠠᠭᠤᠰᠬᠠᠨ᠂ ᠠᠷᠠᠳ ᠲᠦᠮᠡᠨ᠎ᠳᠤ ᠦᠢ᠍ᠯᠡᠴᠢᠯᠡᠭᠦᠯᠬᠦ ᠵᠢ ᠰᠠᠨᠠᠭ᠋ᠠᠴᠢᠯᠠᠵᠤ᠂ ᠪᠦᠬᠦ ᠨᠡᠢ᠌ᠭᠡᠮ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢ ᠦᠨᠡᠨ ᠬᠦ᠌ ᠰᠠᠢ᠌ᠵᠢᠷᠠᠭᠤᠯᠤᠨ ᠴᠢᠩᠭ᠋ᠠᠳᠬᠠᠬᠤ ᠵᠢ ᠲᠦᠯᠬᠢᠨ ᠠᠬᠢᠭᠤᠯᠤᠨ᠎ᠠ᠃ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠤᠯᠠᠮ ᠴᠢᠨᠠᠭᠰᠢᠳᠠ ᠴᠢᠩᠭ᠋ᠠᠳᠬᠠᠵᠤ᠂ ᠬᠤᠪᠢᠰᠬᠠᠯ᠎ᠤᠨ ᠦᠯᠢᠭᠡᠷ᠎ᠢ ᠰᠠᠢ᠌ᠲᠤᠷ ᠶᠠᠷᠢᠬᠤ᠂ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠤᠶᠤᠨ ᠰᠠᠨᠠᠭ᠋ᠠᠨ᠎ᠤ ᠠᠭᠤᠯᠤᠭᠳᠠᠬᠤᠨ᠎ᠢ ᠠᠭᠤᠳᠠᠯᠬᠤ᠎ᠪᠠᠷ ᠳᠠᠮᠵᠢᠭᠤᠯᠤᠨ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠰᠤᠷᠭ᠋ᠠᠨ ᠬᠥᠮᠦᠵᠢᠯ᠎ᠤᠨ ᠴᠢᠳᠠᠮᠵᠢ ᠪᠣᠯᠤᠨ ᠬᠤᠪᠢᠰᠬᠠᠯ᠎ᠤᠨ ᠰᠣᠶᠣᠯ᠎ᠢ ᠤᠯᠠᠮᠵᠢᠯᠠᠨ ᠳᠡᠯᠭᠡᠷᠡᠭᠦᠯᠬᠦ ᠦᠷᠳᠡᠭ᠎ᠢ ᠭᠦᠢ᠍ᠴᠡᠳ ᠪᠠᠳᠠᠷᠠᠭᠤᠯᠤᠨ᠂ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠵᠢ ᠬᠤᠪᠢᠰᠬᠠᠯ᠎ᠤᠨ ᠵᠢᠭᠤᠯᠴᠢᠯᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ᠎ᠲᠠᠢ ᠤᠶᠠᠯᠳᠤᠭᠤᠯᠵᠤ᠂ ᠣᠷᠣᠨ ᠨᠤᠲᠤᠭ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠤᠨ᠎ᠠ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ᠎ᠪᠠᠨ ᠡᠷᠡᠯᠭᠡᠭᠯᠡᠨ ᠤᠷᠤᠭᠰᠢᠯᠠᠶ᠎ᠠ》 ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠦᠨᠳᠦᠰᠦᠨ ᠱᠠᠲᠤᠨ᠎ᠳᠤ ᠦᠢ᠍ᠯᠡᠴᠢᠯᠡᠵᠦ ᠰᠢ ᠺᠸᠦ ᠲᠣᠰᠬᠣᠨ᠎ᠳᠤ ᠬᠦᠷᠪᠡ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ ᠠᠶᠤᠯ ᠥᠬᠡᠶ ᠦᠢᠯᠡᠳᠪᠦᠷᠢᠯᠡᠯ ᠵᠢᠴᠢ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠬᠢᠯᠡᠪᠡ
ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠵᠠᠰᠠᠭ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠬᠤᠷᠠᠯ ᠬᠤᠷᠠᠯᠳᠤᠪᠠ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢ᠍ᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠡᠬᠢᠯᠡᠪᠡ
ᠭᠡᠭᠡᠨ ᠭᠣᠤᠯ ᠬᠣᠲᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠣᠯᠠᠨ ᠠᠵᠤ ᠦᠢᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ
 
            