ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ 2022 ᠣᠨ᠎ᠤ ᠠᠩᠬᠠᠳᠠᠭᠴᠢ 《ᠬᠣᠶᠠᠷ ᠲᠠᠰᠢᠷᠠᠮ ᠵᠶ᠋ᠡᠷ᠂ ᠨᠢᠭᠡ ᠢᠯᠡ ᠪᠣᠯᠭ᠋ᠠᠬᠤ》 ᠬᠣᠯᠪᠤᠭ᠋ᠠᠯᠠᠨ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠪᠡ
ᠨᠡᠶᠢᠲᠡᠯᠡᠭᠰᠡᠨ ᠴᠠᠭ᠄ 2022-06-18

     《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠣᠶᠣᠯ᠎ᠤᠨ ᠵᠠᠬ᠎ᠠ ᠳᠡᠯᠭᠡᠭᠦᠷ᠎ᠤᠨ ᠠᠷᠠᠯᠵᠢᠶ᠎ᠠ ᠡᠵᠡᠩᠨᠡᠬᠦ ᠣᠷᠴᠢᠨ᠎ᠢ ᠰᠢᠯᠢᠳᠡᠭᠵᠢᠭᠦᠯᠦᠨ᠂ ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ ᠪᠣᠯᠤᠨ ᠳᠠᠪᠬᠤᠷᠳᠠᠭᠤᠯᠤᠨ ᠪᠠᠢ᠌ᠴᠠᠭ᠋ᠠᠬᠤ᠎ᠠᠴᠠ ᠵᠠᠢ᠌ᠯᠠᠰᠬᠢᠵᠦ᠂ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 9᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠬᠢᠩᠭ᠋ᠠᠨ ᠠᠢ᠌ᠮᠠᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠢᠩᠭ᠋ᠠᠨ ᠠᠢ᠌ᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠢᠩᠭ᠋ᠠᠨ ᠠᠢ᠌ᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠲᠠᠢ ᠬᠠᠮᠲᠤᠷᠠᠨ ᠬᠢᠩᠭ᠋ᠠᠨ ᠠᠢ᠌ᠮᠠᠭ᠎ᠤᠨ ᠺᠢᠨᠣ᠋ ᠵᠢᠨ ᠣᠷᠳᠤᠨ᠂ ᠳᠠᠭᠤᠤ ᠪᠥᠵᠢᠭ ᠵᠤᠭ᠎ᠠ ᠴᠡᠩᠭᠡᠯ᠎ᠤᠨ ᠲᠠᠯᠠᠪᠤᠷ᠂ ᠨᠠᠭ᠋ᠠᠳᠤᠮ ᠲᠣᠭᠯᠠᠭ᠋ᠠᠮ ᠵᠤᠭ᠎ᠠ ᠴᠡᠩᠭᠡᠯ᠎ᠤᠨ ᠲᠠᠯᠠᠪᠤᠷ᠂ ᠢᠨᠲ᠋ᠧᠷ ᠰᠦᠯᠵᠢᠶᠡᠨ᠎ᠳᠤ ᠭᠠᠷᠬᠤ ᠦᠢᠯᠡᠴᠢᠯᠡᠭᠡᠨ᠎ᠤ ᠡᠵᠡᠩᠨᠡᠯᠲᠡ ᠵᠢᠨ ᠲᠠᠯᠠᠪᠤᠷ ᠭᠠᠵᠠᠷ᠎ᠲᠤ 《ᠬᠣᠶᠠᠷ ᠲᠠᠰᠢᠷᠠᠮ ᠵᠶ᠋ᠡᠷ᠂ ᠨᠢᠭᠡ ᠢᠯᠡ ᠪᠣᠯᠭ᠋ᠠᠬᠤ》 ᠬᠣᠯᠪᠣᠭ᠋ᠠᠯᠠᠨ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃

      ᠪᠠᠢ᠌ᠴᠠᠭ᠋ᠠᠬᠤ ᠳᠤᠭᠤᠢ᠌ᠯᠠᠩ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠣᠷᠳᠣᠨ᠎ᠤ ᠺᠢᠨᠣ᠋ ᠵᠢᠨ ᠬᠣᠲᠠ᠂ ᠤᠯᠠᠭ᠋ᠠᠨᠬᠣᠲᠠ ᠵᠢᠨ ᠪᠦ᠋ ᠵᠢᠶᠠᠨ ᠪᠦ᠋ ᠰᠠᠨ ᠳᠠᠭᠤᠤ ᠵᠢᠨ ᠬᠣᠲᠠ᠂ ᠤᠯᠠᠭ᠋ᠠᠨᠬᠣᠲᠠ ᠵᠢᠨ ᠳ᠋ᠠ ᠸᠠᠨ ᠵᠢᠶᠠ ᠴᠤᠤ ᠯᠧ ᠵᠤᠭ᠎ᠠ ᠴᠡᠩᠭᠡᠯ᠎ᠤᠨ ᠬᠢᠵᠠᠭ᠋ᠠᠷᠲᠤ ᠺᠣᠮᠫᠠᠨᠢ᠂ ᠤᠯᠠᠭ᠋ᠠᠨᠬᠣᠲᠠ ᠵᠢᠨ ᠱᠠᠨ ᠶᠣᠣ ᠸᠢᠳᠢᠤ᠋ ᠲᠣᠭᠯᠠᠭ᠋ᠠᠮ᠎ᠤᠨ ᠲᠡᠮᠡᠴᠡᠭᠡᠨ᠎ᠤ ᠰᠦᠯᠵᠢᠶᠡᠨ ᠪᠠᠭ᠋ᠠᠷ᠂ ᠤᠯᠠᠭ᠋ᠠᠨᠬᠣᠲᠠ ᠵᠢᠨ᠎ᠲᠠᠢ ᠭ᠋ᠸ ᠵᠤᠭ᠎ᠠ ᠴᠡᠩᠭᠡᠯ᠎ᠤᠨ ᠲᠥᠪ᠂ ᠤᠯᠠᠭ᠋ᠠᠨᠬᠣᠲᠠ ᠵᠢᠨ ᠠᠶ ᠱᠠᠩ ᠱᠠᠩ ᠰᠦᠯᠵᠢᠶᠡᠨ ᠪᠠᠭ᠋ᠠᠷ ᠵᠡᠷᠭᠡ 6 ᠡᠵᠡᠩᠨᠡᠯᠲᠡ ᠵᠢᠨ ᠨᠢᠭᠡᠴᠢ ᠵᠢ ᠰᠤᠭᠤᠴᠢᠨ ᠪᠠᠢ᠌ᠴᠠᠭ᠋ᠠᠪᠠ᠃ ᠪᠠᠢ᠌ᠴᠠᠭ᠋ᠠᠯᠲᠠ ᠵᠢᠨ ᠳᠤᠮᠳᠠ ᠣᠨᠴᠠ ᠵᠠᠷᠢᠮ ᠡᠵᠡᠩᠨᠡᠯᠲᠡ ᠵᠢᠨ ᠲᠠᠯᠠᠪᠤᠷ᠎ᠲᠤ ᠭᠠᠯ ᠤᠨᠲᠠᠷᠠᠭ᠋ᠠᠭᠤᠷ ᠳᠤᠲᠠᠭᠳᠠᠵᠤ᠂ ᠭᠠᠯ ᠤᠨᠲᠠᠷᠠᠭ᠋ᠠᠬᠤ ᠵᠠᠮ᠎ᠨᠢ ᠡᠵᠡᠩᠨᠡᠯᠲᠡ ᠵᠢᠨ ᠬᠤᠭᠤᠴᠠᠭ᠋ᠠᠨ᠎ᠳᠤ ᠬᠠᠭ᠋ᠠᠭᠳᠠᠭᠰᠠᠨ᠂ ᠠᠮᠠᠪᠴᠢ ᠵᠡᠭᠦᠭᠰᠡᠨ᠎ᠨᠢ ᠵᠢᠷᠤᠮᠵᠢᠯ ᠥᠬᠡᠶ᠂ ᠠᠵᠢᠯᠲᠠᠨ᠎ᠤ ᠡᠷᠡᠭᠦᠯ ᠮᠡᠨᠳᠦ ᠵᠢᠨ ᠦᠨᠡᠮᠯᠡᠯ᠎ᠨᠢ ᠪᠦᠷᠢᠨ ᠪᠤᠰᠤ᠂ ᠴᠠᠶ ᠵᠢᠨ ᠬᠡᠷᠡᠭᠰᠡᠯ᠎ᠢ ᠠᠷᠢᠭᠤᠳᠬᠠᠬᠤ ᠲᠤᠰᠬᠠᠶ ᠥᠷᠥᠭᠡ ᠪᠠᠢ᠌ᠬᠤ ᠥᠬᠡᠶ ᠵᠡᠷᠭᠡ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠵᠡᠶ᠃ ᠲᠤᠬᠠᠶ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ ᠠᠵᠢᠯᠲᠠᠨ ᠣᠯᠵᠤ ᠮᠡᠳᠡᠭᠰᠡᠨ ᠠᠰᠠᠭᠤᠳᠠᠯ᠎ᠤᠨ ᠲᠤᠬᠠᠶ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠳᠤᠷᠠᠳᠤᠭᠰᠠᠨ ᠪᠥᠭᠡᠳ ᠪᠠᠢ᠌ᠴᠠᠭ᠋ᠠᠭᠰᠠᠨ ᠪᠠᠢ᠌ᠳᠠᠯ ᠵᠶ᠋ᠠᠨ ᠲᠡᠮᠳᠡᠭᠯᠡᠪᠡ᠃ ᠡᠯ᠎ᠡ ᠨᠢᠭᠡᠴᠢ ᠵᠢᠨ᠎ᠬᠢᠨ ᠪᠠᠢ᠌ᠴᠠᠭ᠋ᠠᠬᠤ ᠡᠭᠦᠷᠭᠡ᠎ᠪᠠᠨ ᠪᠡᠶᠡᠯᠡᠭᠦᠯᠦᠭᠰᠡᠨ ᠬᠣᠢ᠌ᠨ᠎ᠠ 《ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠢᠯᠡ ᠨᠡᠢ᠌ᠲᠡᠯᠡᠬᠦ ᠰᠢᠰᠲ᠋ᠧᠮ (ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠣᠯ)》 ᠵᠶ᠋ᠠᠷ 20 ᠠᠵᠢᠯᠯᠠᠬᠤ ᠡᠳᠦᠷ᠎ᠤᠨ ᠳᠣᠲᠣᠷ᠎ᠠ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠨᠡᠢ᠌ᠲᠡᠯᠡᠨ᠎ᠡ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》 ᠥᠪᠥᠷ ᠮᠣᠩᠭᠣᠯ ᠭᠣᠤᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ ᠬᠢᠩᠭ᠋ᠠᠨ ᠠᠢ᠌ᠮᠠᠭ᠎ᠲᠤ ᠡᠬᠢᠯᠡᠪᠡ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ᠎ᠪᠠᠨ ᠡᠷᠡᠯᠭᠡᠭᠯᠡᠨ ᠤᠷᠤᠭᠰᠢᠯᠠᠶ᠎ᠠ》 ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠦᠨᠳᠦᠰᠦᠨ ᠱᠠᠲᠤᠨ᠎ᠳᠤ ᠦᠢ᠍ᠯᠡᠴᠢᠯᠡᠵᠦ ᠰᠢ ᠺᠸᠦ ᠲᠣᠰᠬᠣᠨ᠎ᠳᠤ ᠬᠦᠷᠪᠡ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ ᠠᠶᠤᠯ ᠥᠬᠡᠶ ᠦᠢᠯᠡᠳᠪᠦᠷᠢᠯᠡᠯ ᠵᠢᠴᠢ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠬᠢᠯᠡᠪᠡ
ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠵᠠᠰᠠᠭ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠬᠤᠷᠠᠯ ᠬᠤᠷᠠᠯᠳᠤᠪᠠ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢ᠍ᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠡᠬᠢᠯᠡᠪᠡ
 
            