ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠣᠷᠣᠯᠴᠠᠪᠠ
ᠨᠡᠶᠢᠲᠡᠯᠡᠭᠰᠡᠨ ᠴᠠᠭ᠄ 2022-08-01

     7 ᠳ᠋ᠤᠭ᠋ᠠᠷ ᠰᠠᠷ᠎ᠠ ᠵᠢᠨ 22᠎ᠤᠨ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠲᠣᠪᠴᠢᠶ᠎ᠠ᠂ ᠶᠦᠨᠨᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠮᠲᠤᠷᠠᠨ ᠡᠷᠭᠢᠯᠡᠭᠰᠡᠨ 2022 ᠤᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ ᠶᠦᠨᠨᠠᠨ ᠮᠤᠵᠢ ᠵᠢᠨ ᠺᠦᠨᠮᠢᠩ ᠬᠣᠲᠠ ᠵᠢᠨ ᠳ᠋ᠢᠶᠠᠨ ᡂᠢ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠤ ᠦᠪᠡᠳᠡᠭᠰᠢ ᠶᠡᠬᠡ᠎ᠪᠠᠷ ᠶᠠᠪᠤᠭᠳᠠᠪᠠ᠃ ᠠᠯᠠᠱ᠌ᠠ ᠠᠢ᠌ᠮᠠᠭ᠎ᠤᠨ ᠵᠢᠭᠤᠯᠴᠢᠯᠠᠯ᠎ᠤᠨ ᠴᠣᠭ ᠵᠢᠪᠬᠤᠭ᠎ᠠ ᠵᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠠᠯᠠᠱ᠌ᠠ ᠠᠢ᠌ᠮᠠᠭ᠎ᠤᠨ ᠥᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠤᠬᠠᠭᠤᠯᠤᠨ ᠳᠡᠯᠭᠡᠷᠡᠭᠦᠯᠵᠦ᠂ 《ᠬᠠᠨ ᠲᠡᠭᠷᠢ ᠠᠯᠠᠱ᠌ᠠ》 ᠵᠢᠨ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠬᠦ ᠵᠢᠨ ᠲᠥᠯᠥᠭᠡ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠠᠯᠠᠱ᠌ᠠ ᠵᠡᠭᠦᠨ ᠬᠣᠰᠢᠭᠤᠨ᠎ᠤ ᠰᠣᠶᠣᠯ ᠵᠢᠭᠤᠯᠴᠢᠯᠠᠯ᠎ᠤᠨ ᠲᠣᠪᠴᠢᠶ᠎ᠠ ᠪᠠ ᠡᠵᠡᠨ᠎ᠡ ᠬᠣᠰᠢᠭᠤᠨ᠎ᠤ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢ ᠵᠣᠬᠢᠶᠠᠨ ᠪᠠᠢ᠌ᠭᠤᠯᠵᠤ ᠦᠵᠡᠰᠬᠦᠯᠡᠩ᠎ᠳᠤ ᠣᠷᠣᠯᠴᠠᠭᠤᠯᠪᠠ᠃
      ᠠᠯᠠᠱ᠌ᠠ ᠠᠢ᠌ᠮᠠᠭ᠎ᠤᠨ ᠦᠵᠡᠭᠦᠯᠭᠡ ᠵᠢᠨ ᠲᠣᠭᠣᠷᠢᠭ᠎ᠲᠤ ᠡᠯ᠎ᠡ ᠬᠣᠰᠢᠭᠤ (ᠲᠣᠭᠣᠷᠢᠭ) ᠵᠢᠨ ᠭᠠᠷ ᠵᠶ᠋ᠠᠷ ᠵᠢᠷᠤᠭᠰᠠᠨ ᠭᠠᠵᠠᠷ᠎ᠤᠨ ᠵᠢᠷᠤᠭ᠂ ᠢᠯᠡ ᠵᠠᠬᠢᠳᠠᠯ᠎ᠤᠨ ᠬᠠᠭᠤᠳᠠᠰᠤ᠂ 《ᠬᠡᠭᠡᠷᠡᠯᠡᠭᠴᠢ e   ᠠᠩᠬᠢ》 ᠵᠢᠨ ᠰᠤᠳᠤᠴᠤᠳ᠎ᠤᠨ ᠴᠤᠭᠯᠠᠭ᠋ᠠᠨ᠎ᠤ ᠰᠣᠶᠣᠯ᠎ᠤᠨ ᠪᠦᠲᠦᠭᠡᠭᠳᠡᠭᠦᠨ᠂ ᠮᠠᠨᠤ ᠭᠠᠷ ᠬᠡᠯᠬᠢᠶ᠎ᠡ ᠵᠡᠷᠭᠡ ᠵᠢ ᠳᠡᠯᠭᠡᠨ ᠦᠵᠡᠭᠦᠯᠵᠦ᠂ ᠦᠵᠡᠰᠬᠦᠯᠡᠩ᠎ᠳᠤ ᠣᠷᠤᠯᠴᠠᠬᠤ ᠠᠷᠠᠯᠵᠢᠶᠠᠴᠢᠳ ᠴᠤᠪᠤᠷᠠᠯᠲᠤᠨ᠂ ᠬᠠᠮᠤᠭ᠎ᠤᠨ ᠰᠠᠢ᠌ᠨ ᠵᠢᠭᠤᠯᠴᠢᠯᠠᠯ᠎ᠤᠨ ᠤᠯᠠᠷᠢᠯ᠂ ᠵᠢᠭᠤᠯᠴᠢᠯᠠᠯ᠎ᠤᠨ ᠵᠠᠮ ᠱᠤᠭᠤᠮ ᠵᠡᠷᠭᠡ ᠵᠢ ᠠᠰᠠᠭᠤᠨ ᠯᠠᠪᠯᠠᠵᠤ᠂ ᠦᠵᠡᠭᠦᠯᠭᠡ ᠵᠢᠨ ᠲᠣᠭᠣᠷᠢᠭ᠎ᠲᠤ᠎ᠬᠢ ᠨᠢᠭᠡᠨ ᠦᠵᠡᠰᠬᠦᠯᠡᠩᠲᠦ ᠰᠠᠢ᠌ᠬᠠᠨ ᠦᠵᠡᠮᠵᠢ ᠪᠣᠯᠤᠭᠰᠠᠨ ᠪᠠᠢ᠌ᠨ᠎ᠠ᠃ ᠲᠣᠰ ᠤᠳᠠᠭ᠎ᠠ ᠵᠢᠭᠤᠯᠴᠢᠯᠠᠯ᠎ᠤᠨ ᠤᠬᠠᠭᠤᠯᠭ᠎ᠠ ᠵᠢᠨ ᠡᠪᠬᠡᠮᠡᠯ ᠬᠠᠭᠤᠳᠠᠰᠤ᠂ ᠭᠠᠷ ᠵᠶ᠋ᠠᠷ ᠵᠢᠷᠤᠭᠰᠠᠨ ᠭᠠᠵᠠᠷ᠎ᠤᠨ ᠵᠢᠷᠤᠭ᠂ ᠢᠯᠡ ᠵᠠᠬᠢᠳᠠᠯ᠎ᠤᠨ ᠬᠠᠭᠤᠳᠠᠰᠤ ᠵᠡᠷᠭᠡ ᠤᠬᠠᠭᠤᠯᠭ᠎ᠠ ᠵᠢᠨ ᠦᠢ᠍ᠯᠡᠳᠬᠦᠨ᠎ᠢ ᠨᠡᠶ᠋ᠢᠲᠡ 400 ᠭᠠᠷᠤᠢ ᠬᠤᠪᠢ ᠲᠠᠷᠬᠠᠭ᠋ᠠᠵᠠᠢ᠃

ᠢᠷᠡᠯᠲᠡ᠄ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠲᠠᠷᠢᠶᠠᠯᠠᠩ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠵᠦ ᠨᠡᠭᠡᠭᠡᠨ ᠬᠦᠭᠵᠢᠬᠦᠯᠬᠦ ᠰᠢᠨ᠎ᠡ ᠵᠢ ᠡᠭᠦᠳᠬᠦ ᠴᠢᠳᠠᠪᠤᠷᠢᠲᠠᠨ ᠎ᠤ ᠪᠣᠯᠪᠠᠰᠤᠷᠠᠯ᠎ᠤᠨ ᠠᠩᠭᠢ ᠬᠢᠩᠭ᠋ᠠᠨ ᠠᠢ᠌ᠮᠠᠭ᠎ᠲᠤ ᠬᠢᠴᠢᠶᠡᠯ ᠡᠬᠢᠯᠡᠪᠡ
ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠤᠯᠠᠭ᠋ᠠᠨᠮᠥ᠋ᠴᠢᠷ᠎ᠤᠨ 1 ᠬᠥᠮᠦᠨ ᠤᠯᠤᠰ᠎ᠤᠨ ᠲᠠᠰ᠎ᠤᠨ ᠠᠯᠲᠠᠨ ᠱᠠᠩᠨᠠᠯ ᠬᠦᠷᠲᠡᠪᠡ
ᠬᠥᠬᠡᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠲᠠᠩ ᠶᠦᠩ ᠬᠥᠬᠡᠬᠣᠲᠠ ᠵᠢᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ ᠵᠢᠨ ᠠᠵᠢᠯ᠎ᠢ ᠬᠢᠨᠠᠨ ᠵᠢᠯᠣᠭᠣᠳᠪᠠ
ᠳᠤᠮᠳᠠᠳᠤ ᠤᠯᠤᠰ᠎ᠤᠨ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠫᠷᠤᠹᠸᠰᠰᠤᠷ ᠶᠤᠸᠠᠨ ᠯᠢ ᠨᠠᠷ ᠬᠢᠩᠭ᠋ᠠᠨ ᠠᠢ᠌ᠮᠠᠭ᠎ᠲᠤ ᠬᠦᠷᠴᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠪᠠᠢ᠌ᠴᠠᠭ᠋ᠠᠨ ᠰᠤᠳᠤᠯᠪᠠ
ᠤᠯᠠᠭ᠋ᠠᠨᠬᠠᠳᠠ ᠵᠢᠨ ᠰᠣᠩᠭᠣᠳᠠᠭ ᠠᠷᠠᠳ᠎ᠤᠨ ᠬᠥᠭᠵᠢᠮ᠎ᠤᠨ ᠠᠶ᠎ᠠ ᠲᠥᠪ ᠲᠧᠯᠸᠢᠰ᠎ᠤᠨ ᠲᠣᠮᠣ ᠲᠠᠪᠴᠠᠩ᠎ᠳᠤ ᠳᠠᠬᠢᠨᠲᠠ ᠭᠠᠷᠪᠠ
 
            