7 ᠳ᠋ᠤᠭ᠋ᠠᠷ ᠰᠠᠷ᠎ᠠ ᠵᠢᠨ 25᠎ᠤ ᠡᠳᠦᠷ᠂ ᠤᠯᠤᠰ᠎ᠤᠨ ᠤᠷᠠᠯᠢᠭ᠎ᠤᠨ ᠰᠠᠭᠤᠷᠢ ᠮᠥᠩᠭᠥ ᠵᠢᠨ 2022 ᠣᠨ᠎ᠤ ᠤᠷᠠᠯᠢᠭ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠳᠤ ᠲᠤᠰᠠᠯᠠᠬᠤ ᠲᠥᠷᠥᠯ ᠵᠦᠢ᠍ᠯ᠎ᠤᠨ 《ᠪᠦᠬᠦ ᠤᠯᠤᠰ᠎ᠤᠨ ᠲᠠᠷᠢᠶᠠᠯᠠᠩ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠵᠦ ᠨᠡᠭᠡᠭᠡᠨ ᠬᠦᠭᠵᠢᠬᠦᠯᠬᠦ ᠰᠢᠨ᠎ᠡ ᠵᠢ ᠡᠭᠦᠳᠬᠦ ᠴᠢᠳᠠᠪᠤᠷᠢᠲᠠᠨ ᠢ ᠬᠦᠮᠦᠵᠢᠬᠦᠯᠬᠦ》 ᠪᠣᠯᠪᠠᠰᠤᠷᠠᠯ᠎ᠤᠨ ᠠᠩᠭᠢ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ᠎ᠳᠤ ᠰᠤᠷᠤᠯᠭ᠎ᠠ ᠡᠬᠢᠯᠡᠪᠡ᠃ ᠬᠢᠩᠭ᠋ᠠᠨ ᠠᠢ᠌ᠮᠠᠭ᠎ᠤᠨ ᠨᠠᠮ᠎ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠳ᠋ᠦᠩ ᠰᠢᠨ ᠶᠤᠸᠠᠢ ᠠᠩᠭᠢ ᠡᠬᠢᠯᠡᠬᠦ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃
ᠲᠣᠰ ᠤᠳᠠᠭ᠋ᠠᠨ᠎ᠤ ᠪᠤᠯᠪᠠᠰᠤᠷᠠᠯ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠡᠷᠡᠭᠵᠢᠭᠦᠯᠬᠦ ᠲᠤᠬᠠᠢ ᠴᠢᠬᠤᠯᠠ ᠥᠭᠦᠯᠡᠯᠲᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠲᠦᠯᠬᠢᠨ ᠠᠬᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠎ᠳᠤ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠬᠤ ᠴᠢᠬᠤᠯᠠ ᠠᠷᠭ᠎ᠠ ᠬᠡᠮᠵᠢᠶ᠎ᠡ ᠮᠥᠨ᠃
《ᠪᠦᠬᠦ ᠤᠯᠤᠰ᠎ᠤᠨ ᠲᠠᠷᠢᠶᠠᠯᠠᠩ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠭᠯᠠᠨ ᠲᠥᠯᠥᠪᠯᠡᠵᠦ ᠨᠡᠭᠡᠭᠡᠨ ᠬᠦᠭᠵᠢᠬᠦᠯᠬᠦ ᠰᠢᠨ᠎ᠡ ᠵᠢ ᠡᠭᠦᠳᠬᠦ ᠴᠢᠳᠠᠪᠤᠷᠢᠲᠠᠨ ᠢ ᠬᠦᠮᠦᠵᠢᠬᠦᠯᠬᠦ 》 ᠲᠥᠷᠥᠯ ᠵᠦᠢ᠍ᠯ ᠪᠣᠯ ᠬᠢᠩᠭ᠋ᠠᠨ ᠠᠢ᠌ᠮᠠᠭ᠎ᠤᠨ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭ᠋ᠠᠭᠤᠯᠢ᠎ᠯᠤᠭ᠎ᠠ ᠠᠢ᠌ᠮᠠᠭ ᠰᠤᠷᠭ᠋ᠠᠭᠤᠯᠢ ᠵᠢᠨ ᠬᠠᠮᠲᠤᠷᠠᠯᠴᠠᠭ᠎ᠠ ᠥᠷᠨᠢᠭᠦᠯᠦᠭᠰᠡᠨ᠎ᠠᠴᠠ ᠨᠠᠭ᠋ᠠᠰᠢᠬᠢ ᠪᠠᠰᠠ ᠨᠢᠭᠡᠨ ᠭᠢᠯᠠᠯᠵᠠᠭᠰᠠᠨ ᠦᠷ᠎ᠡ ᠪᠦᠲᠦᠭᠡᠯ ᠪᠣᠯᠣᠨ᠎ᠠ᠃ ᠲᠦᠷᠦᠯ ᠵᠦᠢ᠍ᠯ᠎ᠨᠢ ᠪᠦᠬᠦ ᠤᠯᠤᠰ᠎ᠠᠴᠠ 30 ᠨᠡᠷᠡᠰ ᠰᠣᠶᠣᠯ᠎ᠤᠨ ᠡᠭᠦᠳᠦᠯᠲᠡ ᠵᠢᠨ ᠵᠢᠷᠤᠭᠯᠠᠨ ᠲᠥᠯᠥᠪᠯᠡᠵᠦ ᠨᠡᠭᠡᠭᠡᠨ ᠬᠥᠭᠵᠢᠭᠦᠯᠬᠦ ᠳᠡᠭᠡᠳᠦ ᠵᠡᠷᠭᠡ ᠵᠢᠨ ᠴᠢᠳᠠᠪᠤᠷᠢᠲᠠᠨ᠎ᠢ ᠰᠣᠩᠭᠣᠨ ᠳᠡᠪᠰᠢᠭᠦᠯᠬᠦ ᠵᠢᠨ ᠬᠠᠮᠲᠤ 7 ᠳ᠋ᠤᠭ᠋ᠠᠷ ᠰᠠᠷ᠎ᠠ᠎ᠠᠴᠠ 9 ᠳ᠋ᠤᠭᠡᠷ ᠰᠠᠷ᠎ᠠ ᠪᠣᠯᠲᠠᠯ᠎ᠠ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭ᠋ᠠᠭᠤᠯᠢ᠂ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ᠎ᠳᠤ ᠲᠥᠪᠯᠡᠷᠡᠩᠭᠦᠢ ᠪᠣᠯᠪᠠᠰᠤᠷᠠᠯ ᠬᠦᠷᠲᠡᠭᠡᠨ᠎ᠡ᠃ ᠤᠯᠤᠰ᠎ᠤᠨ ᠳᠣᠲᠣᠭ᠋ᠠᠳᠤ ᠵᠢᠨ ᠡᠷᠳᠡᠮ ᠰᠢᠨᠵᠢᠯᠡᠭᠡᠨ ᠪᠠ ᠠᠵᠢᠯ ᠲᠦᠷᠦᠯ ᠤᠨ ᠨᠡᠷᠡᠳᠦ ᠲᠤᠰᠬᠠᠢ ᠮᠡᠷᠭᠡᠵᠢᠯᠲᠡᠨ᠎ᠢ ᠴᠤᠭᠯᠠᠭᠤᠯᠤᠨ ᠣᠷᠣᠢ᠌ᠯᠠᠭᠰᠠᠨ᠂ ᠡᠷᠬᠡ ᠰᠦᠷᠲᠦ ᠪᠠᠭᠰᠢ ᠵᠢᠨ ᠡᠩᠨᠡᠭᠡ ᠵᠢ ᠪᠦᠷᠢᠯᠳᠦᠬᠦᠯᠪᠡ᠃ ᠡᠭᠦᠨ᠎ᠤ ᠵᠣᠷᠢᠯᠭ᠎ᠠ᠎ᠨᠢ ᠤᠯᠤᠰ᠎ᠲᠤ ᠬᠥᠳᠡᠭᠡ ᠲᠣᠰᠬᠣᠨ᠂ ᠬᠥᠳᠡᠭᠡ ᠠᠵᠤ ᠠᠬᠤᠢ᠂ ᠵᠢᠭᠤᠯᠴᠢᠯᠠᠯ᠎ᠢ ᠣᠢ᠌ᠯᠠᠭ᠋ᠠᠬᠤ᠎ᠪᠠᠷ ᠪᠠᠷᠠᠬᠤ ᠦᠭᠡᠢ ᠪᠠᠰᠠ ᠪᠦᠲᠦᠭᠡᠯᠴᠢ ᠲᠥᠰᠥᠪᠯᠡᠯ ᠳᠤ᠎ᠪᠠᠨ ᠴᠢᠳᠠᠮᠠᠭ᠋ᠠᠢ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠥᠵᠢᠭᠦᠯᠵᠦ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠬᠤ ᠠᠷᠭ᠎ᠠ ᠵᠠᠮ ᠵᠶ᠋ᠠᠷ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠬᠤ ᠵᠢᠨ ᠲᠥᠯᠥᠭᠡ ᠶᠤᠮ᠃
ᠬᠢᠩᠭ᠋ᠠᠨ ᠠᠢ᠌ᠮᠠᠭ᠎ᠤᠨ ᠲᠠᠷᠢᠶᠠᠯᠠᠩ᠂ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠺᠠᠳ᠋ᠷ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠵᠡᠷᠭᠡ 42 ᠬᠥᠮᠥᠨ ᠦᠢ᠍ᠯᠡᠳᠦᠯᠭᠡ ᠵᠢᠨ ᠬᠠᠨᠢᠲᠠᠨ᠎ᠤ ᠬᠡᠯᠪᠡᠷᠢ᠎ᠪᠠᠷ ᠲᠦᠷᠦᠯ ᠵᠦᠢ᠍ᠯ᠎ᠤᠨ ᠪᠣᠯᠪᠠᠰᠤᠷᠠᠯ᠎ᠳᠤ ᠣᠷᠣᠯᠴᠠᠵᠤ᠂ ᠲᠦᠷᠦᠯ ᠵᠦᠢ᠍ᠯ᠎ᠤᠨ ᠵᠢᠯᠣᠭᠣᠳᠤᠭᠴᠢ ᠪᠠᠭᠰᠢ᠂ ᠰᠤᠷᠤᠭᠴᠢᠳ᠎ᠲᠠᠢ ᠬᠠᠮᠲᠤ᠎ᠪᠠᠷ ᠰᠤᠷᠤᠯᠴᠠᠨ ᠦᠢ᠍ᠯᠡᠳᠦᠯᠭᠡᠵᠢᠪᠡ᠃