ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《ᠬᠣᠶᠠᠷ᠎ᠢ ᠴᠣᠭᠴᠠᠯᠠᠬᠤ》 ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠲᠣᠭᠯᠠᠬᠤ᠎ᠳᠤ ᠬᠦᠴᠦ᠎ᠪᠠᠨ ᠲᠥᠪᠯᠡᠷᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 19᠎ᠤ ᠡᠳᠦᠷ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠣᠪᠴᠢᠶᠠᠨ᠎ᠤ ᠳᠡᠳ᠋ ᠳᠠᠷᠤᠭ᠎ᠠ ᠵᠣᠣ ᠬᠣᠩ ᠰᠢᠶᠠ ᠪᠦᠯᠬᠦᠮ ᠳᠠᠭ᠋ᠠᠭᠤᠯᠤᠨ ᠠᠢ᠌ᠮᠠᠭ᠎ᠤᠨ ᠤᠯᠠᠭ᠋ᠠᠨᠮᠥ᠋ᠴᠢᠷ᠎ᠤᠨ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ᠃
ᠬᠢᠨᠠᠨ ᠵᠢᠯᠣᠭᠣᠳᠬᠤ ᠳᠤᠭᠤᠢ᠌ᠯᠠᠩ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠬᠥ ᠭᠡᠰᠢᠭᠦᠳ᠎ᠲᠠᠢ ᠰᠠᠭᠤᠳᠠᠯ᠎ᠤᠨ ᠬᠤᠷᠠᠯ ᠬᠢᠵᠦ᠂ ᠠᠢ᠌ᠮᠠᠭ᠎ᠤᠨ ᠤᠯᠠᠭ᠋ᠠᠨᠮᠥ᠋ᠴᠢᠷ᠎ᠤᠨ ᠡᠩᠨᠡᠭᠡᠨ᠎ᠤ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ᠂ ᠣᠷᠣᠰᠢᠵᠤ ᠪᠠᠢ᠌ᠭ᠎ᠠ ᠠᠰᠠᠭᠤᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠣᠬᠢᠷᠠᠭᠤᠯᠤᠯᠲᠠ ᠵᠡᠷᠭᠡ ᠪᠠᠢ᠌ᠳᠠᠯ᠎ᠢ ᠬᠦᠯᠢᠶᠡᠨ ᠠᠪᠴᠤ ᠰᠣᠨᠤᠰᠴᠠᠢ᠃
ᠬᠤᠷᠠᠯ᠎ᠤᠨ ᠳᠠᠷᠠᠭ᠎ᠠ᠂ ᠬᠢᠨᠠᠨ ᠵᠢᠯᠣᠭᠣᠳᠬᠤ ᠳᠤᠭᠤᠢ᠌ᠯᠠᠩ ᠠᠢ᠌ᠮᠠᠭ᠎ᠤᠨ ᠤᠯᠠᠭ᠋ᠠᠨᠮᠥ᠋ᠴᠢᠷ᠎ᠤᠨ ᠬᠥᠭᠵᠢᠮ᠎ᠤᠨ ᠠᠩᠭᠢ᠂ ᠳᠠᠭᠤᠯᠠᠬᠤᠶ ᠵᠢᠨ ᠠᠩᠭᠢ ᠵᠢᠨ ᠫᠷᠤᠭ᠌ᠷᠠᠮ ᠵᠣᠬᠢᠶᠠᠨ ᠪᠦᠲᠦᠭᠡᠵᠦ ᠰᠤᠷᠭ᠋ᠠᠭᠤᠯᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠦᠵᠡᠭᠰᠡᠨ ᠪᠥᠭᠡᠳ ᠡᠯ᠎ᠡ ᠠᠩᠭᠢ ᠵᠢᠴᠢ ᠭᠡᠰᠢᠭᠦᠳ᠎ᠤᠨ ᠫᠷᠤᠭ᠌ᠷᠠᠮ ᠵᠣᠬᠢᠶᠠᠨ ᠪᠦᠲᠦᠭᠡᠬᠦ ᠶᠠᠪᠤᠴᠠ᠎ᠳᠤ ᠣᠷᠣᠰᠢᠵᠤ ᠪᠠᠢ᠌ᠭ᠎ᠠ ᠬᠦᠴᠢᠷᠳᠡᠯ᠎ᠢ ᠨᠠᠷᠢᠨ ᠠᠰᠠᠭᠤᠵᠤ ᠣᠢ᠌ᠯᠠᠭ᠋ᠠᠪᠠ᠃ ᠡᠭᠦᠨ᠎ᠤ ᠬᠠᠮᠲᠤ ᠠᠰᠠᠭᠤᠵᠤ ᠣᠢ᠌ᠯᠠᠭ᠋ᠠᠭᠰᠠᠨ ᠵᠶ᠋ᠡᠨ ᠨᠢᠭᠡᠳ ᠨᠢᠭᠡ᠎ᠪᠠᠷ ᠲᠠᠢ᠌ᠯᠪᠤᠷᠢᠯᠠᠵᠤ ᠦᠭᠭᠦᠨ᠂ ᠤᠯᠠᠭ᠋ᠠᠨᠮᠥ᠋ᠴᠢᠷ᠎ᠤᠨ ᠭᠡᠰᠢᠭᠦᠳ᠎ᠢ ᠪᠠᠢ᠌ᠪᠠᠰᠤ ᠵᠣᠬᠢᠬᠤ ᠴᠣᠭ ᠰᠦᠯᠳᠡ᠎ᠪᠠᠨ ᠪᠠᠳᠠᠷᠠᠭ᠋ᠠᠵᠤ᠂ ᠣᠷᠭᠢᠯᠤᠮ᠎ᠠ ᠬᠠᠯᠠᠭᠤᠨ ᠠᠵᠢᠯ᠎ᠤᠨ ᠰᠡᠳᠬᠢᠯᠭᠡ᠂ ᠨᠠᠷᠢᠨ ᠬᠢᠨᠠᠮᠠᠭ᠋ᠠᠶ ᠬᠠᠷᠢᠭᠤᠴᠠᠬᠤ ᠠᠵᠢᠯ᠎ᠤᠨ ᠣᠪᠣᠷ ᠵᠶ᠋ᠠᠷ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭ᠋ᠠᠬᠤ ᠡᠭᠦᠷᠭᠡ ᠵᠢ ᠥᠷᠨᠢᠭᠦᠯᠬᠦ ᠬᠡᠷᠡᠭᠲᠡᠶ ᠭᠡᠵᠦ ᠵᠣᠷᠢᠭᠵᠢᠭᠤᠯᠪᠠ᠃