ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠶᠡᠷᠦᠩᠬᠡᠢ ᠤᠰᠤᠨ ᠰᠣᠪᠠᠭ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ ᠠᠩᠬᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄ 2022-08-03

     7 ᠳ᠋ᠤᠭ᠋ᠠᠷ ᠰᠠᠷ᠎ᠠ ᠵᠢᠨ 28᠎ᠤ ᠡᠳᠦᠷ᠂ 《ᠳᠤᠮᠳᠠᠳᠤ ᠤᠯᠤᠰ᠎ᠤᠨ ᠤᠰᠤᠨ᠎ᠤ ᠦᠵᠡᠮᠵᠢ》 ᠠᠩᠬᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠬᠦ ᠬᠤᠷᠠᠯ ᠪᠡᠭᠡᠵᠢᠩ᠎ᠳᠤ ᠶᠠᠪᠤᠭᠳᠠᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠪᠠᠷ ᠳᠠᠮᠵᠢᠭᠤᠯᠤᠨ ᠪᠥᠬᠥ ᠤᠯᠤᠰ᠎ᠤᠨ ᠠᠷᠠᠳ ᠲᠦᠮᠡᠨ᠎ᠳᠤ ᠨᠢᠭᠡᠳᠦᠭᠡᠷ ᠪᠦᠯᠦᠭ᠎ᠤᠨ ᠭᠣᠣᠯᠳᠠᠯᠭ᠎ᠠ᠎ᠲᠠᠢ ᠲᠠᠨᠢᠯᠴᠠᠭᠤᠯᠤᠭᠰᠠᠨ 10 ᠬᠡᠪ ᠳᠠᠭᠤᠷᠢᠶᠠᠯ ᠦᠵᠡᠮᠵᠢ ᠵᠢᠨ ᠣᠷᠣᠨ᠎ᠤ ᠥᠪᠡᠷᠮᠢᠴᠡ ᠷᠢᠳᠢ ᠰᠢᠳᠢ ᠵᠢ ᠦᠵᠡᠭᠦᠯᠪᠡ᠂ ᠡᠭᠦᠨ᠎ᠳᠤ ᠶᠡᠷᠦᠩᠬᠡᠢ ᠤᠰᠤᠨ ᠰᠣᠪᠠᠭ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ ᠪᠣᠶ᠃
      ᠣᠢ᠌ᠯᠠᠭ᠋ᠠᠭᠰᠠᠨ ᠵᠶ᠋ᠠᠷ᠂ ᠲᠣᠰ ᠤᠳᠠᠭ᠎ᠠ ᠵᠢᠨ ᠲᠠᠨᠢᠯᠴᠠᠭᠤᠯᠤᠭᠰᠠᠨ 10 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠪᠣᠯ ᠪᠥᠬᠥ ᠤᠯᠤᠰ᠎ᠤᠨ ᠡᠯ᠎ᠡ ᠭᠠᠵᠠᠷ᠎ᠤᠨ ᠲᠠᠨᠢᠯᠴᠠᠭᠤᠯᠤᠭᠰᠠᠨ 76 ᠬᠡᠷᠡᠭ᠎ᠤᠨ ᠵᠢᠱ᠌ᠢᠶ᠎ᠡ᠎ᠠᠴᠠ ᠣᠬᠢ ᠰᠢᠯᠢᠳᠡᠭ᠎ᠢ᠎ᠨᠢ ᠰᠣᠩᠭᠣᠨ ᠭᠠᠷᠭ᠋ᠠᠭᠰᠠᠨ ᠶᠤᠮ᠂ ᠡᠭᠦᠨ᠎ᠳᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠠᠳᠠᠯᠢ ᠪᠤᠰᠤ ᠭᠠᠵᠠᠷ ᠣᠷᠣᠨ ᠪᠠ ᠤᠰᠤᠨ ᠴᠥᠭᠥᠷᠥᠮ᠎ᠤᠨ ᠬᠡᠯᠪᠡᠷᠢ᠂ ᠭᠣᠣᠯ ᠨᠠᠭᠤᠷ᠎ᠤᠨ ᠬᠡᠯᠪᠡᠷᠢ᠂ ᠤᠰᠤᠯᠠᠯᠲᠠ ᠵᠢᠨ ᠣᠷᠣᠨ᠎ᠤ ᠬᠡᠯᠪᠡᠷᠢ ᠵᠡᠷᠭᠡ ᠠᠳᠠᠯᠢ ᠪᠤᠰᠤ ᠦᠵᠡᠮᠵᠢ ᠵᠢᠨ ᠣᠷᠣᠨ᠎ᠤ ᠲᠥᠷᠥᠯ ᠬᠡᠯᠪᠡᠷᠢ ᠵᠢ ᠬᠠᠮᠤᠷᠴᠠᠢ᠃
      ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠪᠠᠶᠠᠨᠨᠠᠭᠤᠷ᠎ᠠᠴᠠ ᠢᠷᠡᠭᠰᠡᠨ ᠲᠠᠢ᠌ᠯᠪᠤᠷᠢᠯᠠᠭᠴᠢ ᠥᠪᠥᠷ ᠮᠣᠩᠭᠣᠯ᠎ᠤᠨ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠶᠡᠷᠦᠩᠬᠡᠢ ᠤᠰᠤᠨ ᠰᠤᠪᠠᠭ᠎ᠢ ᠨᠡᠭᠡᠭᠡᠨ ᠮᠠᠯᠲᠠᠬᠤ ᠦᠶ᠎ᠡ ᠵᠢᠨ ᠰᠦᠷ ᠳᠠᠯᠠᠢ᠌ᠴᠠᠲᠠᠢ ᠲᠡᠦᠬᠡ ᠵᠢᠴᠢ ᠦᠶ᠎ᠡ ᠦᠶ᠎ᠡ ᠵᠢᠨ ᠪᠣᠷᠣᠳᠣᠬᠣᠢ ᠵᠢᠨ ᠤᠰᠤᠨ ᠠᠰᠢᠭᠯᠠᠯᠲᠠ ᠵᠢᠨ ᠬᠥᠮᠥᠰ᠎ᠤᠨ ᠤᠯᠠᠮᠵᠢᠯᠠᠨ ᠵᠠᠯᠭ᠋ᠠᠮᠵᠢᠯᠠᠵᠤ ᠪᠠᠳᠠᠷᠠᠭᠤᠯᠤᠨ ᠦᠢ᠍ᠯᠡᠳᠦᠯᠭᠡᠵᠢᠭᠦᠯᠦᠭᠰᠡᠨ ᠤᠰᠤ ᠵᠠᠰᠠᠬᠤ ᠵᠣᠷᠢᠭ ᠰᠠᠨᠠᠭ᠎ᠠ ᠵᠢ ᠭᠦᠨ ᠰᠡᠳᠬᠢᠯᠭᠡ᠎ᠲᠠᠢ᠎ᠪᠠᠷ ᠶᠠᠷᠢᠵᠤ᠂ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠥᠪᠡᠷᠮᠢᠴᠡ ᠦᠷᠳᠡᠭ ᠪᠣᠯᠣᠨ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠶᠡᠷᠦᠩᠬᠡᠢ ᠭᠣᠣᠯ ᠰᠤᠪᠠᠭ᠎ᠲᠤ ᠲᠦᠰᠢᠭᠯᠡᠨ ᠪᠠᠢ᠌ᠭᠤᠯᠤᠭᠰᠠᠨ ᠬᠣᠶᠠᠳᠤᠭ᠋ᠠᠷ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠭᠣᠣᠯ ᠪᠠᠢ᠌ᠳᠠᠯ᠎ᠢ ᠲᠠᠨᠢᠯᠴᠠᠭᠤᠯᠪᠠ᠃

ᠢᠷᠡᠯᠲᠡ᠄ ᠪᠠᠶᠠᠨᠨᠠᠭᠤᠷ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠠᠲᠤᠨ ᠭᠣᠣᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠵᠢᠨ ᠠᠵᠢᠯ᠎ᠢ ᠦᠷᠨᠢᠭᠦᠯᠪᠡ
ᠰᠢᠯᠢ ᠵᠢᠨ ᠭᠣᠣᠯ ᠠᠢ᠌ᠮᠠᠭ᠄ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠦᠨᠳᠦᠰᠦᠨ ᠦᠨ᠎ᠡ ᠵᠢ ᠲᠣᠭᠲᠠᠪᠤᠷᠢᠵᠢᠭᠤᠯᠵᠤ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠵᠠᠬ᠎ᠠ ᠳᠡᠯᠭᠡᠭᠦᠷ᠎ᠤᠨ ᠰᠠᠢ᠌ᠵᠢᠷᠠᠯᠲᠠ ᠵᠢ ᠲᠦᠷᠭᠡᠳᠭᠡᠪᠡ
ᠮᠠᠨᠵᠤᠤᠷ ᠬᠤᠲᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠬᠤᠲᠠ ᠵᠢᠨ ᠠᠷᠠᠳ᠎ᠤᠨ ᠰᠣᠶᠣᠯ ᠤᠷᠠᠯᠢᠭ᠎ᠤᠨ ᠨᠠᠢ᠌ᠷ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠦᠵᠡᠭᠦᠯᠭᠡ ᠵᠢᠨ ᠲᠣᠭᠯᠠᠯᠲᠠ ᠥᠷᠨᠢᠭᠦᠯᠪᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠠᠵᠢᠯ᠎ᠤᠨ ᠲᠧᠯᠸᠢᠰ ᠤᠲᠠᠰᠤ ᠲᠠᠮᠵᠢᠯᠭ᠋ᠠᠲᠤ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ ᠲᠠᠨᠢᠯᠴᠠᠭᠤᠯᠬᠤ ᠬᠤᠷᠠᠯ ᠡᠷᠭᠢᠯᠡᠵᠦ ᠪᠥᠬᠥ ᠤᠯᠤᠰ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠬᠦ ᠳᠡᠭᠡᠳᠦ ᠲᠠᠰ᠎ᠤᠨ ᠴᠢᠳᠠᠪᠤᠷᠢᠲᠠᠨ᠎ᠳᠤ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠪᠠ
 
            