7 ᠳ᠋ᠤᠭ᠋ᠠᠷ ᠰᠠᠷ᠎ᠠ ᠵᠢᠨ 28᠎ᠠᠴᠠ 29᠎ᠤ ᠡᠳᠦᠷ᠎ᠤᠨ ᠬᠤᠭᠤᠷᠤᠨᠳᠤ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠᠨᠳᠠᠷᠸ᠎ᠠ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠤᠯᠠᠭ᠋ᠠᠨᠪᠤᠬ᠎ᠠ ᠠᠮᠢ ᠠᠬᠤᠢ ᠵᠢᠨ ᠡᠯᠡᠰᠦᠨ᠎ᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠂ ᠣᠯᠠᠨᠪᠤᠯᠠᠭ ᠪᠠᠯᠭ᠋ᠠᠰᠤ ᠵᠡᠷᠭᠡ ᠬᠠᠲᠤᠨ ᠭᠣᠣᠯ ᠳᠠᠭ᠋ᠠᠤ ᠣᠷᠣᠨ᠎ᠳᠤ ᠭᠦᠨᠵᠡᠭᠡᠢ᠌ᠷᠡᠵᠦ᠂ ᠡᠯ᠎ᠡ ᠱᠠᠲᠤᠨ᠎ᠤ ᠭᠣᠣᠯᠳᠠᠯᠭ᠎ᠠ᠎ᠲᠠᠢ ᠬᠠᠮᠠᠭ᠋ᠠᠯᠠᠬᠤ ᠨᠢᠭᠡᠴᠢ ᠪᠣᠯᠣᠨ ᠤᠷᠲᠤ ᠴᠠᠭ᠋ᠠᠨ ᠬᠡᠷᠡᠮ᠎ᠤᠨ ᠭᠣᠣᠯ ᠪᠣᠯᠬᠤ ᠬᠡᠰᠡᠭ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠵᠢᠨ ᠠᠵᠢᠯ᠎ᠢ ᠦᠷᠨᠢᠭᠦᠯᠬᠦ ᠵᠢᠨ ᠬᠠᠮᠲᠤ ᠬᠠᠲᠤᠨ ᠭᠣᠣᠯ ᠳᠠᠭ᠋ᠠᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠢ᠌ᠴᠠᠭ᠋ᠠᠯᠲᠠ᠎ᠳᠤ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠨ ᠰᠤᠳᠤᠯᠤᠯᠲᠠ ᠪᠠ ᠵᠢᠯᠣᠭᠣᠳᠤᠯᠭ᠎ᠠ ᠬᠢᠵᠦ᠂ ᠬᠠᠨ ᠤᠯᠤᠰ᠎ᠤᠨ ᠦᠶ᠎ᠡ ᠵᠢᠨ ᠲᠤᠬᠢᠶᠠᠨ ᠳᠡᠮᠳᠡᠭ᠂ ᠬᠤᠲᠠ ᠵᠢᠨ ᠬᠠᠯᠬᠠᠪᠴᠢ ᠵᠢᠨ ᠪᠠᠭᠤᠷᠢ᠂ ᠰᠦᠮ᠎ᠡ ᠬᠡᠢ᠌ᠳ᠎ᠤᠨ ᠪᠠᠭᠤᠷᠢ᠂ ᠳᠠᠪᠤᠰᠤᠨ᠎ᠤ ᠶᠠᠪᠤᠳᠠᠯ᠎ᠤᠨ ᠭᠠᠵᠠᠷ᠂ ᠬᠠᠳᠠᠨ ᠵᠢᠷᠤᠭ ᠵᠡᠷᠭᠡ ᠠᠷᠪᠠ ᠭᠠᠷᠤᠢ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠠᠢ᠌ᠮᠠᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠰᠤᠳᠤᠯᠭ᠋ᠠᠨ᠎ᠤ ᠲᠥᠪ᠎ᠤᠨ ᠬᠠᠲᠤᠨ ᠭᠣᠣᠯ ᠳᠠᠭ᠋ᠠᠤ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠢ᠌ᠴᠠᠭ᠋ᠠᠯᠲᠠ ᠵᠢᠨ ᠠᠵᠢᠯ ᠥᠷᠨᠢᠭᠦᠯᠦᠭᠰᠡᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠰᠣᠶᠣᠯ᠎ᠤᠨ ᠥᠪ᠎ᠤᠨ ᠰᠠᠯᠠᠭ᠎ᠠ᠂ ᠠᠢ᠌ᠮᠠᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠰᠤᠳᠤᠯᠭ᠋ᠠᠨ᠎ᠤ ᠲᠦᠪ᠎ᠤᠨ ᠬᠠᠷᠢᠭᠤᠴᠠᠯᠭ᠋ᠠᠳᠠᠨ ᠨᠠᠷ ᠪᠠᠷ᠎ᠠ ᠪᠤᠯᠤᠨ ᠪᠠᠢ᠌ᠴᠠᠭ᠋ᠠᠪᠠ᠃
ᠪᠠᠢ᠌ᠴᠠᠭ᠋ᠠᠬᠤ ᠠᠵᠢᠯ᠎ᠨᠢ ᠬᠠᠲᠤᠨ ᠭᠣᠣᠯ᠎ᠤᠨ ᠰᠣᠶᠣᠯ᠎ᠢ ᠰᠠᠢ᠌ᠲᠤᠷ ᠬᠠᠮᠠᠭ᠋ᠠᠯᠠᠬᠤ᠎ᠪᠠᠷ ᠤᠷᠢᠲᠠᠯ ᠪᠣᠯᠭ᠋ᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠪᠠᠷ ᠵᠣᠷᠢᠯᠭ᠎ᠠ ᠪᠣᠯᠭ᠋ᠠᠨ ᠥᠷᠨᠢᠭᠦᠯᠵᠦ᠂ ᠬᠠᠲᠤᠨ ᠭᠣᠣᠯ ᠳᠠᠭ᠋ᠠᠤ ᠭᠠᠵᠠᠷ ᠣᠷᠣᠨ᠎ᠤ ᠣᠨᠴᠠᠭ᠋ᠠᠶ ᠭᠠᠵᠠᠷ ᠵᠦᠢ ᠵᠢᠨ ᠣᠷᠴᠢᠨ ᠲᠣᠭᠣᠷᠢᠨ ᠪᠠ ᠬᠡᠰᠡᠭ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠭᠤᠷᠢ ᠵᠢᠨ ᠬᠣᠲᠠ ᠪᠠᠯᠭ᠋ᠠᠰᠤ ᠠᠴᠠ ᠨᠡᠯᠢᠶᠡᠳ ᠣᠢ᠌ᠷ᠎ᠠ᠂ ᠡᠷᠬᠢᠨ ᠲᠣᠭᠣᠷᠢᠨ᠎ᠳᠤ ᠲᠠᠷᠬᠠᠵᠤ ᠪᠠᠢ᠌ᠭ᠎ᠠ ᠡᠯ᠎ᠡ ᠲᠥᠷᠥᠯ᠎ᠤᠨ ᠠᠵᠤ ᠠᠬᠤᠢ᠌ᠯᠠᠯ ᠨᠡᠯᠢᠶᠡᠳ ᠣᠯᠠᠨ ᠪᠠᠢ᠌ᠬᠤ ᠪᠠᠢ᠌ᠳᠠᠯ᠎ᠳᠤ ᠴᠢᠭᠯᠡᠭᠦᠯᠦᠨ᠂ ᠮᠠᠨᠳᠠᠷᠸ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠬᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠬᠤ᠂ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠷᠠᠭᠤᠯᠬᠤ ᠵᠡᠷᠭᠡ ᠲᠠᠯ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠃