ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠨᠡᠯᠡᠨ ᠵᠢᠱ᠌ᠢᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-08-12

     8 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ ᠬᠤᠳᠠ ᠵᠢᠨ ᠵᠠᠰᠠᠭ᠎ᠤᠨ ᠣᠷᠳᠣᠨ᠎ᠤ 《2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ ᠦᠨᠡᠯᠡᠨ   ᠵᠢᠱ᠌ᠢᠯᠲᠡ ᠪᠤᠭᠤᠲᠤ ᠬᠤᠳᠠ ᠵᠢᠨ ᠬᠤᠪᠢᠶᠠᠷᠢ ᠮᠡᠳᠡᠭᠦᠯᠦᠯᠲᠡ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ ᠬᠡᠮᠵᠢᠶ᠎ᠡ》 ᠵᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ   ᠳᠠᠮᠵᠢᠭᠤᠯᠵᠦ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠎ᠤ ᠦᠨᠡᠯᠡᠨ ᠵᠢᠱ᠌ᠢᠯᠲᠡ ᠪᠤᠭᠤᠲᠤ ᠬᠤᠳᠠ ᠵᠢᠨ ᠬᠤᠪᠢᠶᠠᠷᠢ ᠮᠡᠳᠡᠭᠦᠯᠦᠯᠲᠡ᠎ᠳᠤ ᠬᠠᠷᠢᠭᠤ ᠲᠤᠰᠬᠠᠭᠰᠠᠨ ᠮᠠᠨ᠎ᠤ   ᠲᠤᠪᠴᠢᠶᠠᠨ ᠎ᠤ ᠬᠣᠯᠪᠣᠭᠳᠠᠯ ᠪᠦᠬᠦᠢ ᠠᠰᠠᠭᠤᠳᠠᠯ᠎ᠢ ᠨᠠᠷᠢᠨ ᠬᠢᠨᠠᠮᠠᠭ᠋ᠠᠢ ᠰᠤᠳᠤᠯᠬᠤ ᠵᠢᠨ ᠬᠠᠮᠲᠤ ᠬᠠᠷᠢᠭᠤ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ ᠡᠭᠦᠷᠭᠡ ᠵᠢ ᠬᠤᠪᠢᠶᠠᠷᠢᠯᠠᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠵᠠᠢ᠃
      ᠬᠤᠷᠠᠯ ᠳᠡᠭᠡᠷ᠎ᠡ᠂ ᠨᠢᠭᠡ᠎ᠳᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠲᠠᠰᠤᠭ᠎ᠤᠨ᠎ᠬᠢᠨ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂   ᠬᠤᠳᠠᠯᠳᠤᠭ᠎ᠠ ᠡᠵᠡᠩᠨᠡᠬᠦ   ᠣᠷᠴᠢᠨ   ᠲᠤᠭᠤᠷᠢᠨ᠎ᠤ ᠦᠨᠡᠯᠡᠯᠲᠡ ᠵᠢᠨ ᠦᠷ᠎ᠡ ᠳ᠋ᠦᠩ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠳᠡᠭᠡᠭᠰᠢᠯᠡᠭᠦᠯᠬᠦ ᠬᠡᠷᠡᠭᠲᠡᠢ᠃ ᠵᠥᠷᠢᠶ᠎ᠡ᠎ᠳᠤ ᠵᠥᠪ ᠵᠶ᠋ᠡᠷ ᠬᠠᠨᠳᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠤ ᠦᠨᠡᠯᠡᠯᠲᠡ ᠵᠢᠨ ᠬᠠᠷᠢᠭᠤᠴᠠᠯᠭ᠎ᠠ ᠵᠢᠨ ᠤᠬᠠᠮᠰᠠᠷ ᠪᠣᠯᠣᠨ ᠰᠠᠨᠠᠭ᠋ᠠᠰᠢᠷᠠᠬᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ; ᠬᠣᠶᠠᠷ᠎ᠲᠤ᠂ ᠪᠦᠬᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠪᠤᠭᠤᠲᠤ ᠬᠣᠲᠠ ᠵᠢᠨ ᠬᠤᠪᠢᠶᠠᠷᠢ ᠮᠡᠳᠡᠭᠦᠯᠦᠯᠲᠡ᠎ᠳᠤ ᠬᠠᠷᠢᠭᠤ ᠲᠤᠰᠬᠠᠭᠰᠠᠨ ᠬᠣᠯᠪᠣᠭᠳᠠᠯ ᠪᠦᠬᠦᠢ ᠠᠰᠠᠭᠤᠳᠠᠯ᠎ᠳᠤ ᠣᠷᠣᠰᠢᠵᠤ ᠪᠠᠢ᠌ᠭ᠎ᠠ ᠰᠢᠯᠲᠠᠭ᠋ᠠᠨ᠎ᠢ ᠨᠠᠷᠢᠨ ᠨᠢᠮᠪᠠᠢ ᠵᠠᠳᠠᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠲᠠᠢ ᠪᠠᠢ᠌ᠯᠭ᠋ᠠᠬᠤ ᠬᠡᠷᠡᠭᠲᠡᠢ; ᠭᠤᠷᠪᠠ᠎ᠳᠤ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠴᠡᠭᠴᠡᠯᠡᠨ ᠰᠠᠢ᠌ᠵᠢᠷᠠᠭᠤᠯᠬᠤ᠎ᠳᠤ ᠬᠣᠯᠪᠣᠭᠳᠠᠬᠤ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠪᠣᠯ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭ᠋ᠠᠢ ᠠᠵᠢᠯᠯᠠᠵᠤ᠂ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠯᠠᠪᠳᠠᠭᠤᠨ ᠪᠠᠲᠤᠲᠠᠢ ᠠᠬᠢᠭᠤᠯᠬᠤ ᠵᠢᠨ ᠬᠠᠮᠲᠤ ᠭᠠᠷᠠᠭ᠎ᠤᠨ ᠲᠣᠬᠢᠷᠠᠭᠤᠯᠬᠤ ᠲᠣᠭᠲᠠᠴᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠤᠭᠰᠠᠨ ᠪᠠᠢ᠌ᠳᠠᠯ ᠵᠶ᠋ᠠᠨ ᠲᠤᠯᠤᠭ᠋ᠠᠢ᠌ᠯᠠᠬᠤ ᠰᠠᠯᠠᠭ᠎ᠠ ᠲᠠᠰᠤᠭ᠎ᠲᠤ ᠬᠤᠷᠢᠶᠠᠩᠭᠤᠢ᠌ᠯᠠᠨ ᠮᠡᠳᠡᠬᠦᠯᠬᠦ ᠬᠡᠷᠡᠭᠲᠡᠢ᠃ ᠲᠤᠯᠤᠭ᠋ᠠᠢ᠌ᠯᠠᠬᠤ ᠰᠠᠯᠠᠭ᠎ᠠ ᠲᠠᠰᠤᠭ᠎ᠤᠨ᠎ᠬᠢᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠵᠣᠬᠢᠶᠠᠨ ᠪᠠᠢ᠌ᠭᠤᠯᠵᠤ ᠵᠣᠬᠢᠴᠠᠭᠤᠯᠬᠤ ᠪᠠ ᠵᠢᠯᠣᠭᠣᠳᠤᠨ ᠲᠣᠬᠢᠷᠠᠭᠤᠯᠬᠤ᠎ᠪᠠᠨ ᠴᠢᠩᠭ᠋ᠠᠳᠬᠠᠵᠤ᠂ ᠪᠣᠶ ᠪᠦᠬᠦᠢ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠢ᠌ᠵᠢᠷᠠᠭᠤᠯᠤᠭᠰᠠᠨ ᠠᠬᠢᠴᠠ ᠵᠢᠨ ᠪᠠᠢ᠌ᠳᠠᠯ ᠵᠶ᠋ᠠᠨ ᠴᠠᠭ ᠲᠤᠬᠠᠢ᠎ᠳᠤ᠎ᠨᠢ ᠴᠤᠭᠯᠠᠭᠤᠯᠤᠨ ᠬᠤᠷᠢᠶᠠᠩᠭᠤᠢ᠌ᠯᠠᠵᠤ ᠳᠡᠭᠡᠭᠰᠢ ᠮᠡᠳᠡᠭᠦᠯᠵᠦ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠬᠤ ᠬᠡᠷᠡᠭᠲᠡᠢ   ᠭᠡᠵᠦ ᠱᠠᠭ᠋ᠠᠷᠳᠠᠪᠠ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠦᠸᠧᠽᠢ ᠰᠢᠶᠠᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠤᠯᠠᠨ ᠰᠠᠯᠠᠭ᠎ᠠ ᠮᠥᠴᠢᠷ᠎ᠲᠠᠢ ᠬᠠᠮᠲᠤᠷᠠᠨ ᠦᠵᠡᠮᠵᠢ ᠵᠢᠨ ᠣᠷᠣᠨ᠎ᠳᠤ ᠬᠦᠷᠴᠦ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢᠨ ᠠᠵᠢᠯ ᠦᠷᠨᠢᠭᠦᠯᠪᠡ
ᠬᠢᠩᠭ᠋ᠠᠨ ᠠᠢ᠌ᠮᠠᠭ᠎ᠤᠨ ᠵᠠᠬᠢᠷᠭ᠎ᠠ ᠱᠠᠨᠰᠢ ᠵᠢᠨ ᠰᠢ ᠠᠨ᠎ᠳᠤ ᠬᠦᠷᠴᠦ ᠵᠣᠯᠭ᠋ᠠᠭᠤᠯᠬᠤ᠎ᠪᠠᠷ ᠪᠠᠢ᠌ᠭ᠎ᠠ ᠰᠣᠶᠤᠯ ᠵᠢᠭᠤᠯᠴᠢᠯᠠᠯ᠎ᠤᠨ ᠲᠦᠷᠦᠯ ᠵᠦᠢ᠍ᠯ᠎ᠢ ᠰᠢᠨᠵᠢᠯᠡᠨ ᠪᠠᠢ᠌ᠴᠠᠭ᠋ᠠᠪᠠ
《ᠥᠪᠥᠷ ᠮᠣᠩᠭᠣᠯ ᠾᠸᠪᠸᠢ ᠯᠢᠶᠣᠤᠨᠢᠩ ᠲᠠᠪᠤᠨ ᠬᠤᠳᠠ ᠵᠢᠨ ᠰᠣᠶᠣᠯ ᠵᠢᠭᠤᠯᠴᠢᠯᠠᠯ᠎ᠤᠨ ᠬᠣᠯᠪᠣᠭ᠎ᠠ》 ᠪᠠᠢ᠌ᠭᠤᠯᠤᠭᠳᠠᠪᠠ
ᠪᠤᠭᠤᠲᠤ ᠬᠤᠳᠠ ᠵᠢᠨ 37 ᠳ᠋ᠤᠭ᠋ᠠᠷ ᠬᠤᠭᠤᠴᠠᠭ᠋ᠠᠨ᠎ᠤ ᠯᠦ᠍ ᠴᠸᠩ ᠰᠣᠶᠣᠯ ᠤᠷᠠᠯᠢᠭ᠎ᠤᠨ ᠨᠠᠢ᠌ᠷ ᠵᠢᠴᠢ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠵᠢᠨ ᠰᠣᠶᠣᠯ᠎ᠢ ᠣᠢ᠌ᠯᠠᠭ᠋ᠠᠨ· ᠡᠬᠡ ᠤᠯᠤᠰ᠎ᠤᠨ ᠤᠮᠠᠷᠠᠲᠤ ᠬᠢᠯᠢ᠎ᠳᠤ ᠲᠣᠭᠣᠷᠢᠨ ᠵᠢᠭᠤᠯᠴᠢᠯᠠᠶ᠎ᠠ》 ᠵᠢᠨ ᠶᠡᠬᠡ ᠬᠠᠳᠤᠨ ᠭᠣᠣᠯ ᠭᠣᠣᠯ ᠰᠡᠳᠦᠪᠲᠦ ᠪᠤᠭᠤᠲᠤ ᠵᠢᠨ ᠰᠢᠷᠢᠰ ᠠᠵᠢᠯᠯᠠᠭ᠎ᠠ ᠵᠢᠩᠬᠢᠨᠢ᠎ᠪᠠᠷ ᠡᠬᠢᠯᠡᠪᠡ
ᠤᠯᠠᠭ᠋ᠠᠨᠬᠠᠳᠠ ᠬᠤᠲᠠ᠎ᠳᠤ 2022 ᠣᠨ᠎ᠤ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠬᠤᠷᠠᠯ ᠵᠢᠴᠢ ᠥᠪᠥᠷ ᠮᠣᠩᠭᠣᠯ ᠾᠸᠪᠸᠢ ᠯᠢᠶᠣᠤᠨᠢᠩ ᠲᠠᠪᠤᠨ ᠬᠤᠲᠠ ᠵᠢᠨ ᠰᠣᠶᠣᠯ ᠵᠢᠭᠤᠯᠴᠢᠯᠠᠯ᠎ᠤᠨ ᠬᠣᠯᠪᠣᠭ᠎ᠠ ᠪᠠᠢ᠌ᠭᠤᠯᠤᠭᠳᠠᠬᠤ ᠶᠡᠬᠡ ᠬᠤᠷᠠᠯ ᠪᠣᠯᠪᠠ
 
            