ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠠᠵᠢᠯ᠎ᠤᠨ ᠲᠧᠯᠸᠢᠰ ᠤᠲᠠᠰᠤ ᠲᠠᠮᠵᠢᠯᠭ᠋ᠠᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-08-12

     8 ᠳ᠋ᠤᠭ᠋ᠠᠷ ᠰᠠᠷ᠎ᠠ ᠵᠢᠨ 5᠎ᠤ ᠡᠳᠦᠷ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠪᠴᠢᠶᠠᠨ᠎ᠤ ᠳᠡᠳ᠋ ᠳᠠᠷᠤᠭ᠎ᠠ ᠱ᠌ᠢ ᠭᠦᠸᠧ ᠶᠤᠸᠠᠨ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠠᠵᠢᠯ᠎ᠤᠨ ᠲᠧᠯᠸᠢᠰ ᠤᠲᠠᠰᠤ ᠳᠠᠮᠵᠢᠯᠭ᠋ᠠᠲᠤ ᠬᠤᠷᠠᠯ᠎ᠢ ᠡᠷᠭᠢᠯᠡᠨ ᠬᠤᠷᠠᠯᠳᠤᠭᠤᠯᠪᠠ᠃ ᠲᠣᠪᠴᠢᠶᠠᠨ᠎ᠤ ᠡᠬᠢ ᠪᠠᠶᠠᠯᠢᠭ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠰᠠᠯᠠᠭ᠎ᠠ᠂ ᠤᠬᠠᠭᠤᠯᠭ᠎ᠠ ᠵᠢᠨ ᠰᠠᠯᠠᠭ᠎ᠠ᠂ ᠣᠶᠤᠨᠲᠤ ᠰᠣᠶᠣᠯ ᠵᠢᠭᠤᠯᠴᠢᠯᠠᠯ ᠪᠠ ᠠᠵᠤ ᠦᠢ᠍ᠯᠡᠰ᠎ᠤᠨ ᠰᠤᠳᠤᠯᠭ᠋ᠠᠨ᠎ᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠲᠠᠰᠤᠭ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠠᠭ᠋ᠠᠨᠪᠤᠬ᠎ᠠ ᠵᠢᠱ᠌ᠢᠶ᠎ᠡ ᠦᠵᠡᠭᠦᠯᠬᠦ ᠲᠣᠭᠣᠷᠢᠭ᠎ᠤᠨ ᠰᠣᠶᠣᠯ ᠵᠢᠭᠤᠯᠴᠢᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠤ᠂ ᠡᠯ᠎ᠡ ᠬᠣᠰᠢᠭᠤ ᠲᠣᠭᠣᠷᠢᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠵᠠᠢ᠃
      ᠬᠤᠷᠠᠯ ᠳᠡᠭᠡᠷ᠎ᠡ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 2023 ᠣᠨ᠎ᠤ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠪᠡᠯᠡ ᠮᠥᠩᠭᠥ ᠵᠢᠨ ᠲᠦᠷᠦᠯ ᠵᠦᠢ᠍ᠯ᠎ᠢ ᠭᠤᠶᠤᠴᠢᠯᠠᠨ ᠮᠡᠳᠡᠭᠦᠯᠬᠦ ᠭᠣᠣᠯᠳᠠᠯᠭ᠎ᠠ ᠵᠢ ᠭᠦᠨᠵᠡᠭᠡᠢ ᠲᠠᠢ᠌ᠯᠪᠤᠷᠢᠯᠠᠵᠤ᠂ ᠡᠯ᠎ᠡ ᠬᠣᠰᠢᠭᠤ ᠣᠷᠣᠨ᠎ᠤ ᠰᠡᠵᠢᠭ᠎ᠲᠠᠢ ᠠᠰᠠᠭᠤᠳᠠᠯ ᠪᠠ ᠬᠦᠴᠢᠷ ᠠᠰᠠᠭᠤᠳᠠᠯ᠎ᠳᠤ ᠬᠠᠷᠢᠭᠤᠯᠲᠠ ᠦᠭᠭᠦᠨ᠂ ᠥᠩᠭᠡᠷᠡᠭᠰᠡᠨ ᠵᠢᠯ᠎ᠤᠳ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢ ᠳ᠋ᠦᠩᠨᠡᠨ ᠪᠤᠳᠤᠭᠰᠠᠨ ᠪᠠᠢ᠌ᠳᠠᠯ᠎ᠢ ᠵᠠᠷᠯᠠᠨ ᠮᠡᠳᠡᠭᠳᠡᠵᠦ᠂ ᠣᠢ᠌ᠷ᠎ᠠ ᠵᠢᠨ ᠬᠤᠭᠤᠴᠠᠭ᠋ᠠᠨ᠎ᠤ ᠲᠥᠷᠥᠯ ᠵᠦᠢ᠍ᠯ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃
      ᠬᠤᠷᠠᠯ ᠴᠢᠬᠤᠯᠠᠴᠢᠯᠠᠭᠰᠠᠨ᠎ᠨᠢ᠂ ᠨᠢᠭᠡ᠎ᠳᠤ᠂ 2022 ᠣᠨ᠎ᠤ ᠠᠢ᠌ᠮᠠᠭ᠎ᠤᠨ ᠲᠠᠰ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠲᠦᠷᠭᠡᠳᠬᠡᠨ ᠠᠬᠢᠭᠤᠯᠵᠤ᠂ ᠡᠯ᠎ᠡ ᠬᠣᠰᠢᠭᠤ ᠣᠷᠣᠨ᠎ᠤ᠎ᠬᠢᠨ ᠡᠷᠬᠡᠪᠰᠢ ᠣᠨ᠎ᠤ ᠪᠡᠯᠡ ᠣᠷᠣᠭᠤᠯᠤᠯᠲᠠ ᠵᠢᠨ ᠬᠠᠷᠠᠯᠲᠠᠲᠤ ᠡᠭᠦᠷᠭᠡ᠎ᠪᠠᠨ ᠴᠢᠩᠭ᠎ᠠ ᠠᠳᠬᠤᠨ᠂ ᠲᠥᠷᠥᠯ ᠵᠦᠢ᠍ᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ᠎ᠳᠤ ᠬᠦᠴᠦ᠎ᠪᠠᠨ   ᠲᠦᠪᠯᠡᠷᠡᠭᠦᠯᠵᠦ᠂ ᠡᠯ᠎ᠡ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠥᠨᠳᠥᠷ ᠦᠷ᠎ᠡ ᠪᠦᠲᠦᠮᠵᠢ᠎ᠲᠠᠢ᠂ ᠲᠦᠷᠭᠡᠨ ᠠᠢ᠌ᠵᠠᠮ᠎ᠲᠠᠢ ᠲᠦᠯᠬᠢᠨ ᠠᠬᠢᠭᠤᠯᠵᠤ᠂ 3 ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠵᠢᠯ᠎ᠤᠨ ᠡᠬᠢᠨ᠎ᠳᠤ ᠲᠣᠭᠲᠠᠭ᠋ᠠᠭᠰᠠᠨ ᠬᠠᠷᠠᠯᠲᠠ ᠶᠣᠰᠣᠭ᠋ᠠᠷ ᠪᠡᠯᠡ ᠣᠷᠣᠭᠤᠯᠤᠯᠲᠠ ᠵᠢᠨ ᠡᠭᠦᠷᠭᠡ᠎ᠪᠠᠨ ᠴᠢᠨᠠᠷ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠨᠢᠭᠡ ᠪᠦᠯᠦᠭ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠢ ᠱᠠᠯᠠᠪᠳᠠᠨ ᠲᠥᠯᠥᠪᠵᠢᠭᠦᠯᠵᠦ ᠨᠦᠭᠡᠴᠡᠯᠡᠨ᠂ ᠲᠦᠷᠦᠯ ᠵᠦᠢ᠍ᠯ᠎ᠤᠨ ᠨᠥᠭᠡᠴᠡᠯᠡᠬᠦ ᠬᠥᠮᠥᠷᠭᠡ ᠪᠠᠢ᠌ᠭᠤᠯᠵᠤ᠂ ᠱᠠᠲᠤ ᠬᠤᠪᠢᠶᠠᠨ ᠬᠤᠭᠤᠴᠠᠭ᠋ᠠᠯᠠᠵᠤ᠂ ᠱᠠᠲᠤ ᠱᠠᠲᠤ᠎ᠪᠠᠷ ᠨᠥᠭᠡᠴᠡᠯᠡᠬᠦ ᠲᠦᠷᠦᠯ ᠵᠦᠢ᠍ᠯ᠎ᠤᠨ ᠭᠠᠷᠳᠠᠮ᠎ᠢ ᠭᠦᠢ᠍ᠴᠡᠳᠬᠡᠬᠦ ᠪᠠ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠠᠬᠢᠭᠤᠯᠤᠨ᠂ ᠨᠢᠭᠡ ᠪᠦᠯᠦᠭ ᠵᠶ᠋ᠡᠨ ᠨᠦᠭᠡᠴᠡᠯᠡᠵᠦ᠂ ᠨᠢᠭᠡ ᠪᠦᠯᠦᠭ ᠵᠶ᠋ᠡᠨ ᠠᠵᠢᠯ ᠡᠬᠢᠯᠡᠭᠦᠯᠬᠦ᠂ ᠨᠢᠭᠡ ᠪᠦᠯᠦᠭ ᠵᠶ᠋ᠡᠨ ᠪᠦᠲᠦᠭᠡᠨ ᠪᠠᠢ᠌ᠭᠣᠯᠵᠤ᠂ ᠨᠢᠭᠡ ᠪᠦᠯᠦᠭ ᠵᠶ᠋ᠡᠨ ᠠᠵᠢᠯ ᠳᠠᠭᠤᠰᠬᠠᠬᠤ ᠰᠠᠢ᠌ᠨ ᠣᠷᠴᠢᠯ᠎ᠢ ᠪᠤᠢ ᠪᠣᠯᠭ᠋ᠠᠬᠤ ᠬᠡᠷᠡᠭᠲᠡᠢ᠃ ᠭᠤᠷᠪᠠ᠎ᠳᠤ᠂ 2023 ᠣᠨ᠎ᠤ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠪᠡᠯᠡ ᠮᠥᠩᠭᠥ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠵᠢᠯ᠎ᠢ ᠬᠢᠨᠠᠮᠠᠭ᠋ᠠᠢ ᠵᠣᠬᠢᠶᠠᠨ ᠪᠠᠢ᠌ᠭᠤᠯᠤᠨ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠪᠡᠯᠡ ᠮᠥᠩᠭᠥ ᠵᠢᠨ ᠣᠷᠣᠭᠤᠯᠤᠯᠲᠠ ᠵᠢᠨ ᠬᠠᠨᠳᠤᠰᠢ᠎ᠲᠠᠢ ᠨᠢᠭᠲᠠ ᠤᠶᠠᠯᠳᠤᠭᠤᠯᠤᠨ᠂ ᠨᠢᠭᠡ ᠪᠦᠯᠦᠭ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ᠂ ᠪᠦᠲᠦᠭᠡᠨ ᠪᠠᠢ᠌ᠭᠤᠯᠤᠯᠲᠠ ᠵᠢᠨ ᠬᠦᠳᠡᠯᠭᠡᠬᠦ ᠬᠦᠴᠦᠨ ᠵᠶ᠋ᠡᠷ ᠭᠦᠢ᠍ᠴᠡᠳ᠂ ᠵᠢᠱ᠌ᠢᠭᠰᠡᠨ ᠦᠷ᠎ᠡ ᠠᠰᠢᠭ ᠵᠶ᠋ᠠᠷ ᠰᠠᠢ᠌ᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠪᠣᠭᠣᠳᠠᠯᠯᠠᠵᠤ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠳᠡᠮᠵᠢᠯᠭᠡ ᠵᠢ ᠨᠠᠩ ᠠᠷᠪᠢᠨ ᠣᠯᠬᠤ᠎ᠪᠠᠷ ᠴᠢᠷᠮᠠᠢ᠌ᠬᠤ ᠬᠡᠷᠡᠭᠲᠡᠢ᠃ ᠳᠥᠷᠪᠡ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠴᠢᠩᠭ᠎ᠠ ᠵᠢᠷᠤᠮᠯᠠᠨ᠂ 2020 ᠣᠨ᠎ᠠᠴᠠ ᠨᠠᠭ᠋ᠠᠰᠢᠬᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠵᠦᠢ᠍ᠯ᠎ᠤᠨ ᠪᠡᠯᠡ ᠮᠥᠩᠭᠥ᠎ᠪᠠᠷ ᠳᠡᠮᠵᠢᠬᠦ᠎ᠪᠠᠷ ᠵᠥᠪᠰᠢᠶᠡᠷᠡᠭᠳᠡᠭᠰᠡᠨ ᠲᠦᠷᠦᠯ ᠵᠦᠢ᠍ᠯ᠎ᠤᠨ ᠪᠡᠯᠡ ᠮᠥᠩᠭᠥ ᠰᠢᠯᠵᠢᠭᠦᠯᠦᠨ ᠥᠭᠬᠦ ᠪᠠ ᠲᠦᠷᠦᠯ ᠵᠦᠢ᠍ᠯ᠎ᠢ ᠬᠡᠷᠡᠭᠵᠢᠭᠦᠯᠬᠦ ᠠᠵᠢᠯ᠎ᠢ ᠪᠡᠶᠡᠯᠡᠭᠦᠯᠬᠦ ᠵᠢ ᠱᠠᠯᠠᠪᠳᠠᠭᠤᠯᠤᠨ ᠵᠢᠯᠤᠭᠣᠳᠴᠤ᠂ ᠲᠦᠷᠦᠯ ᠵᠦᠢ᠍ᠯ᠎ᠤᠨ ᠪᠡᠯᠡ ᠮᠥᠩᠭᠥ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠪᠡ᠃

ᠢᠷᠡᠯᠲᠡ᠄ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ ᠲᠠᠨᠢᠯᠴᠠᠭᠤᠯᠬᠤ ᠬᠤᠷᠠᠯ ᠡᠷᠭᠢᠯᠡᠵᠦ ᠪᠥᠬᠥ ᠤᠯᠤᠰ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠬᠦ ᠳᠡᠭᠡᠳᠦ ᠲᠠᠰ᠎ᠤᠨ ᠴᠢᠳᠠᠪᠤᠷᠢᠲᠠᠨ᠎ᠳᠤ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠪᠠ
ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠪᠠ
ᠠᠯᠠᠱ᠌ᠠ᠄ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠵᠤᠨ᠎ᠤ ᠠᠮᠠᠷᠠᠯᠲᠠ ᠵᠢᠨ ᠨᠤᠮ ᠤᠩᠰᠢᠬᠤ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠵᠡᠭᠦᠨ ᠤᠷᠤᠨ᠎ᠤ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠣᠯᠪᠣᠭ᠎ᠠ ᠪᠠ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》 ᠎ᠤᠨ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠤᠯᠪᠤᠭ᠋ᠠᠨ ᠎ᠤ ᠠᠵᠢᠯᠯᠠᠭ᠎ᠠ ᠵᠢᠴᠢ ᠬᠢᠩᠭ᠋ᠠᠨ ᠠᠢ᠌ᠮᠠᠭ᠎ᠤᠨ ᠬᠡᠭᠡᠷ᠎ᠡ ᠪᠠᠭᠤᠳᠠᠯᠯᠠᠬᠤ ᠨᠠᠭ᠋ᠠᠳᠤᠮ ᠬᠢᠩᠭ᠋ᠠᠨ ᠠᠢ᠌ᠮᠠᠭ᠎ᠲᠤ ᠶᠠᠪᠤᠭᠳᠠᠪᠠ
ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠨᠡᠯᠡᠨ ᠵᠢᠱ᠌ᠢᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            