ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-08-12

      ᠣᠢ᠌ᠷ᠎ᠠ᠎ᠳᠤ᠂ ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠤ ᠳᠡᠳ᠋ ᠳᠠᠷᠤᠭ᠎ᠠ ᠠᠯᠲᠠᠨᠨᠠᠪᠴᠢ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠰᠦᠯᠵᠢᠶᠡᠨ ᠳᠡᠭᠡᠷᠡᠬᠢ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠢ᠌ᠷ᠎ᠠ ᠵᠢᠨ ᠡᠲᠦᠷ ᠰᠢᠯᠢ ᠵᠢᠨ ᠭᠣᠣᠯ ᠠᠢ᠌ᠮᠠᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠬᠠᠮᠤᠭ᠎ᠤᠨ ᠰᠢᠨ᠎ᠡ ᠪᠠᠢ᠌ᠳᠠᠯ᠎ᠢ ᠵᠠᠷᠯᠠᠨ ᠮᠡᠳᠡᠭᠳᠡᠵᠦ᠂ ᠣᠳᠣᠬᠠᠨ᠎ᠤ ᠪᠠᠢ᠌ᠳᠠᠯ᠎ᠢ ᠵᠠᠳᠠᠯᠤᠨ ᠰᠤᠳᠤᠯᠤᠨ ᠮᠠᠭ᠋ᠠᠳᠯᠠᠵᠤ᠂ ᠰᠢᠯᠢ ᠵᠢᠨ ᠭᠣᠣᠯ ᠠᠢ᠌ᠮᠠᠭ᠎ᠤᠨ ᠡᠯ᠎ᠡ ᠭᠠᠵᠠᠷ᠎ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠴᠢ ᠡᠯ᠎ᠡ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠳᠠᠬᠢᠨ ᠲᠣᠬᠢᠷᠠᠭᠤᠯᠵᠤ ᠳᠠᠬᠢᠨ ᠪᠠᠢ᠌ᠷᠢᠯᠠᠭᠤᠯᠪᠠ᠃ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠠᠢ᠌ᠭ᠎ᠠ ᠲᠣᠪᠴᠢᠶᠠᠨ ᠳᠠᠷᠤᠭ᠎ᠠ᠂ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠲᠠᠰᠤᠭ᠎ᠤᠨ ᠬᠠᠷᠢᠭᠤᠴᠠᠯᠭ᠋ᠠᠲᠠᠨ᠂ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠠᠷᠢᠭᠤᠴᠠᠯᠭ᠋ᠠᠲᠠᠨ ᠲᠣᠰ ᠤᠳᠠᠭ᠋ᠠᠨ᠎ᠤ ᠬᠤᠷᠠᠯ᠎ᠳᠤ ᠣᠷᠣᠯᠴᠠᠪᠠ᠃
      ᠬᠤᠷᠠᠯ  ᠎ᠠᠴᠠ ᠴᠢᠬᠤᠯᠠᠴᠢᠯᠠᠭᠰᠠᠨ᠎ᠨᠢ᠂ ᠨᠢᠭᠡ᠎ᠳᠤ᠂ ᠰᠢᠯᠢ ᠵᠢᠨ ᠭᠣᠣᠯ ᠠᠢ᠌ᠮᠠᠭ᠎ᠤᠨ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠠᠭᠤᠰᠬᠢᠨ ᠦᠷᠪᠢᠰᠦᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ᠎ᠤᠨ 254 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ 《ᠮᠠᠨ᠎ᠤ ᠠᠢ᠌ᠮᠠᠭ᠎ᠲᠤ ᠢᠷᠡᠬᠦ (ᠪᠤᠴᠠᠬᠤ) ᠬᠥᠮᠥᠰ᠎ᠢ ᠵᠢᠭᠰᠠᠭ᠋ᠠᠨ ᠪᠠᠢ᠌ᠴᠠᠭ᠋ᠠᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠪᠢᠯᠢᠭ ᠴᠢᠨᠠᠷ᠎ᠤᠨ ᠪᠦᠲᠦᠮᠵᠢᠲᠡᠶ ᠭᠡᠷᠡᠴᠢ ᠵᠢ ᠪᠠᠢ᠌ᠴᠠᠭ᠋ᠠᠨ ᠰᠢᠯᠭ᠋ᠠᠬᠤ ᠵᠢ ᠰᠠᠢ᠌ᠲᠤᠷ ᠬᠢᠵᠦ᠂ 《ᠲᠠᠯᠠᠪᠤᠷ ᠭᠠᠵᠠᠷ᠎ᠤᠨ ᠺᠣᠳ᠋》᠎ᠢ ᠰᠢᠷᠪᠢᠵᠦ ᠲᠡᠮᠳᠡᠭᠯᠡᠬᠦ ᠪᠠ ᠡᠷᠡᠭᠦᠯ ᠮᠡᠨᠳᠦ ᠵᠢᠨ ᠺᠣᠳ᠋᠂ ᠠᠶᠠᠯᠠᠯ᠎ᠤᠨ ᠺᠣᠳ᠋᠎ᠢ ᠪᠠᠢ᠌ᠴᠠᠭ᠋ᠠᠨ ᠰᠢᠯᠭ᠋ᠠᠬᠤ᠂ ᠪᠡᠶ᠎ᠡ ᠵᠢᠨ ᠳᠤᠯᠠᠭ᠋ᠠᠨ᠎ᠢ ᠪᠠᠢ᠌ᠴᠠᠭ᠋ᠠᠨ ᠰᠢᠯᠭ᠋ᠠᠬᠤ ᠵᠡᠷᠭᠡ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠡᠯ᠎ᠡ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠴᠢ ᠡᠯ᠎ᠡ ᠦᠵᠡᠮᠵᠢ ᠵᠢᠨ ᠣᠷᠣᠨ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ᠎ᠨᠦᠭᠦᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠨᠢᠭᠲᠠ ᠠᠩᠬᠠᠷᠴᠤ᠂ ᠵᠢᠯᠣᠭᠣᠳᠤᠯᠭ᠎ᠠ ᠵᠢ ᠳᠠᠭ᠋ᠠᠵᠤ᠂ ᠬᠠᠤᠯᠢ ᠶᠣᠰᠣᠭ᠋ᠠᠷ ᠡᠵᠡᠩᠨᠡᠬᠦ ᠬᠡᠷᠡᠭᠲᠠᠢ᠃ ᠭᠤᠷᠪᠠ᠎ᠳᠤ᠂ ᠡᠯ᠎ᠡ ᠦᠵᠡᠮᠵᠢ ᠵᠢᠨ ᠣᠷᠣᠨ (ᠴᠡᠭ)᠎ᠨᠢ ᠣᠷᠣᠬᠤ ᠡᠭᠦᠲᠡ ᠵᠢᠨ ᠪᠠᠢ᠌ᠴᠠᠭ᠋ᠠᠯᠲᠠ᠎ᠳᠤ ᠬᠦᠮᠦᠰ ᠎ᠢ ᠪᠦᠯᠦᠭ ᠬᠤᠪᠢᠶᠠᠨ ᠲᠣᠬᠢᠷᠠᠭᠤᠯᠬᠤ ᠠᠵᠢᠯ᠎ᠢ ᠰᠠᠢ᠌ᠲᠤᠷ ᠬᠢᠵᠦ᠂ ᠲᠦᠭᠵᠢᠷᠡᠬᠦ ᠵᠡᠷᠭᠡ ᠪᠠᠢ᠌ᠳᠠᠯ ᠭᠠᠷᠬᠤ᠎ᠠᠴᠠ ᠵᠠᠢ᠌ᠯᠠᠰᠬᠢᠵᠦ᠂ ᠲᠦᠭᠰᠢᠭᠦᠷᠢ ᠵᠢ ᠰᠠᠨᠠᠭᠤᠯᠬᠤ᠂ ᠪᠦᠯᠦᠭ ᠬᠤᠪᠢᠶᠠᠨ ᠲᠣᠬᠢᠷᠠᠭᠤᠯᠬᠤ ᠵᠢ ᠵᠢᠯᠤᠭᠤᠳᠬᠤ ᠵᠡᠷᠭᠡ ᠬᠠᠨᠲᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠪᠠᠢ᠌ᠴᠠᠭ᠋ᠠᠨ ᠬᠠᠷᠭᠤᠭᠤᠯᠬᠤ ᠬᠤᠷᠳᠤᠴᠠ ᠵᠢ ᠲᠦᠷᠭᠡᠳᠬᠡᠨ᠂ ᠣᠷᠣᠬᠤ ᠡᠭᠦᠲᠡ ᠵᠢᠨ ᠬᠦᠮᠦᠰ ᠰᠢᠬᠠᠯᠳᠤᠬᠤ ᠪᠠ ᠲᠦᠭᠵᠢᠷᠡᠬᠦ᠎ᠠᠴᠠ ᠵᠠᠢ᠌ᠯᠠᠰᠬᠢᠵᠦ᠂ ᠬᠦᠮᠦᠰ ᠶᠡᠬᠡ ᠬᠡᠮᠵᠢᠶ᠎ᠡ᠎ᠪᠠᠷ ᠴᠤᠭᠯᠠᠷᠠᠬᠤ ᠵᠢ   ᠰᠡᠷᠭᠡᠢ᠌ᠯᠡᠬᠦ ᠬᠡᠷᠡᠭᠲᠠᠢ᠃ ᠳᠥᠷᠪᠡ᠎ᠳᠤ᠂ ᠡᠯ᠎ᠡ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ   ᠷᠠᠳᠢᠣ᠋ ᠲᠧᠯᠸᠢᠰ᠎ᠤᠨ ᠲᠣᠪᠴᠢᠶ᠎ᠠ᠂ ᠦᠵᠡᠮᠵᠢ ᠵᠢᠨ ᠣᠷᠣᠨ ᠵᠢᠴᠢ ᠬᠥᠳᠡᠭᠡ ᠲᠣᠰᠬᠣᠨ᠎ᠤ ᠵᠢᠭᠤᠯᠴᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠠᠵᠢᠯ᠎ᠢ ᠭᠦᠨᠵᠡᠭᠡᠢ ᠥᠷᠨᠢᠭᠦᠯᠦᠨ᠂ ᠦᠶᠡᠷ᠎ᠤᠨ ᠬᠤᠭᠤᠴᠠᠭ᠋ᠠᠨ᠎ᠤ ᠲᠦᠭᠰᠢᠭᠦᠷᠢ ᠵᠢ ᠰᠡᠷᠭᠡᠢ᠌ᠯᠡᠬᠦ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠡᠵᠡᠩᠨᠡᠯᠲᠡ ᠵᠢᠨ ᠭᠣᠣᠯ ᠴᠣᠭᠴᠠ ᠵᠢ ᠵᠢᠯᠣᠭᠣᠳᠤᠨ ᠠᠮᠤᠷ ᠲᠦᠪᠰᠢᠨ᠎ᠤ ᠰᠠᠨᠠᠭᠤᠯᠤᠮᠵᠢ᠂ ᠰᠡᠷᠡᠮᠵᠢ ᠵᠢᠨ ᠲᠡᠮᠳᠡᠭ ᠪᠠ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠲᠡᠭᠦᠯᠳᠡᠷᠵᠢᠭᠦᠯᠵᠦ᠂ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠦ᠂ ᠵᠢᠭᠤᠯᠴᠢᠯᠠᠭᠴᠢᠳ᠎ᠲᠤ ᠠᠮᠤᠷ ᠲᠦᠪᠰᠢᠨ᠎ᠤ ᠬᠠᠮᠠᠭ᠋ᠠᠯᠠᠯᠲᠠ ᠵᠢ ᠰᠠᠢ᠌ᠲᠤᠷ ᠬᠢᠬᠦ ᠵᠢ ᠰᠠᠨᠠᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠵᠡᠩᠨᠡᠯᠲᠡ ᠵᠢᠨ ᠭᠣᠣᠯ ᠴᠣᠭᠴᠠ ᠪᠠ ᠵᠢᠭᠤᠯᠴᠢᠯᠠᠭᠴᠢᠳ᠎ᠢ ᠵᠢᠯᠣᠭᠣᠳᠤᠨ ᠡᠷᠡᠭᠦᠯ ᠮᠡᠨᠳᠦ ᠵᠢᠨ ᠬᠠᠮᠠᠭ᠋ᠠᠯᠠᠯᠲᠠ ᠵᠢ ᠰᠠᠢ᠌ᠲᠤᠷ     ᠬᠢᠯᠭᠡᠬᠦ ᠬᠡᠷᠡᠭᠲᠠᠢ᠃

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ᠄ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠵᠤᠨ᠎ᠤ ᠠᠮᠠᠷᠠᠯᠲᠠ ᠵᠢᠨ ᠨᠤᠮ ᠤᠩᠰᠢᠬᠤ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠵᠡᠭᠦᠨ ᠤᠷᠤᠨ᠎ᠤ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠣᠯᠪᠣᠭ᠎ᠠ ᠪᠠ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》 ᠎ᠤᠨ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠤᠯᠪᠤᠭ᠋ᠠᠨ ᠎ᠤ ᠠᠵᠢᠯᠯᠠᠭ᠎ᠠ ᠵᠢᠴᠢ ᠬᠢᠩᠭ᠋ᠠᠨ ᠠᠢ᠌ᠮᠠᠭ᠎ᠤᠨ ᠬᠡᠭᠡᠷ᠎ᠡ ᠪᠠᠭᠤᠳᠠᠯᠯᠠᠬᠤ ᠨᠠᠭ᠋ᠠᠳᠤᠮ ᠬᠢᠩᠭ᠋ᠠᠨ ᠠᠢ᠌ᠮᠠᠭ᠎ᠲᠤ ᠶᠠᠪᠤᠭᠳᠠᠪᠠ
ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠨᠡᠯᠡᠨ ᠵᠢᠱ᠌ᠢᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠵᠦᠸᠧᠽᠢ ᠰᠢᠶᠠᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠤᠯᠠᠨ ᠰᠠᠯᠠᠭ᠎ᠠ ᠮᠥᠴᠢᠷ᠎ᠲᠠᠢ ᠬᠠᠮᠲᠤᠷᠠᠨ ᠦᠵᠡᠮᠵᠢ ᠵᠢᠨ ᠣᠷᠣᠨ᠎ᠳᠤ ᠬᠦᠷᠴᠦ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢᠨ ᠠᠵᠢᠯ ᠦᠷᠨᠢᠭᠦᠯᠪᠡ
ᠬᠢᠩᠭ᠋ᠠᠨ ᠠᠢ᠌ᠮᠠᠭ᠎ᠤᠨ ᠵᠠᠬᠢᠷᠭ᠎ᠠ ᠱᠠᠨᠰᠢ ᠵᠢᠨ ᠰᠢ ᠠᠨ᠎ᠳᠤ ᠬᠦᠷᠴᠦ ᠵᠣᠯᠭ᠋ᠠᠭᠤᠯᠬᠤ᠎ᠪᠠᠷ ᠪᠠᠢ᠌ᠭ᠎ᠠ ᠰᠣᠶᠤᠯ ᠵᠢᠭᠤᠯᠴᠢᠯᠠᠯ᠎ᠤᠨ ᠲᠦᠷᠦᠯ ᠵᠦᠢ᠍ᠯ᠎ᠢ ᠰᠢᠨᠵᠢᠯᠡᠨ ᠪᠠᠢ᠌ᠴᠠᠭ᠋ᠠᠪᠠ
 
            