ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠣᠯ ᠠᠢ᠌ᠮᠠᠭ᠄ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠦᠨᠳᠦᠰᠦᠨ ᠦᠨ᠎ᠡ ᠵᠢ ᠲᠣᠭᠲᠠᠪᠤᠷᠢᠵᠢᠭᠤᠯᠵᠤ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠵᠠᠬ᠎ᠠ ᠳᠡᠯᠭᠡᠭᠦᠷ᠎ᠤᠨ ᠰᠠᠢ᠌ᠵᠢᠷᠠᠯᠲᠠ ᠵᠢ ᠲᠦᠷᠭᠡᠳᠭᠡᠪᠡ
ᠨᠡᠶᠢᠲᠡᠯᠡᠭᠰᠡᠨ ᠴᠠᠭ᠄ 2022-08-12

      ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠣᠷᠣᠭᠰᠠᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 32 ᠳ᠋ᠤᠭ᠋ᠠᠷ ᠬᠤᠭᠤᠴᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ᠂ ᠰᠢᠯᠢ ᠵᠢᠨ ᠭᠣᠣᠯ᠎ᠤᠨ ᠮᠢᠩᠭ᠋ᠠᠨ ᠭᠠᠵᠠᠷ᠎ᠤᠨ ᠲᠠᠯ᠎ᠠ ᠨᠤᠲᠤᠭ᠎ᠤᠨ ᠦᠵᠡᠮᠵᠢ ᠵᠢᠨ ᠶᠡᠬᠡ ᠵᠠᠮ᠎ᠤᠨ ᠮᠠᠰᠢᠨ ᠲᠡᠷᠭᠡᠨ᠎ᠤ ᠨᠠᠭ᠋ᠠᠳᠤᠮ᠂ ᠠᠩᠬᠠᠳᠤᠭ᠋ᠠᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠬᠡᠭᠡᠷ᠎ᠡ ᠪᠠᠭᠤᠳᠠᠯᠯᠠᠬᠤ ᠶᠡᠬᠡ ᠴᠤᠭᠯᠠᠭ᠋ᠠᠨ ᠵᠡᠷᠭᠡ ᠵᠢᠭᠤᠯᠴᠢᠯᠠᠯ᠎ᠤᠨ ᠠᠵᠢᠯᠯᠠᠭ᠎ᠠ ᠪᠣᠯᠣᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠡᠭᠦᠳᠡᠨ ᠪᠢᠯᠧᠲ᠎ᠢ ᠬᠠᠰᠤᠵᠤ ᠬᠡᠯᠲᠦᠷᠢᠭᠦᠯᠬᠦ ᠵᠡᠷᠭᠡ ᠤᠯᠠᠨ ᠲᠠᠯ᠎ᠠ ᠵᠢᠨ ᠠᠰᠢᠭᠲᠠᠢ ᠲᠦᠷᠦ ᠵᠢᠨ ᠪᠣᠳᠣᠯᠭ᠎ᠠ ᠵᠢᠨ ᠰᠡᠳᠦᠯᠲᠡ᠎ᠪᠠᠷ ᠰᠢᠯᠢ ᠵᠢᠨ ᠭᠣᠣᠯ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠮᠡᠳᠡᠭᠳᠡᠮ᠎ᠡ ᠰᠠᠢ᠌ᠵᠢᠷᠠᠪᠠ᠃
      ᠣᠲᠣ ᠪᠣᠯᠲᠠᠯ᠎ᠠ᠂ ᠰᠢᠯᠢ ᠵᠢᠨ ᠭᠣᠣᠯ ᠠᠢ᠌ᠮᠠᠭ᠎ᠲᠤ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠨᠡᠶ᠋ᠢᠲᠡ 21 (ᠡᠷᠢᠶᠡᠨ᠎ᠢ ᠪᠠᠭᠲᠠᠭ᠋ᠠᠬᠤ ᠦᠭᠡᠢ) ᠪᠠᠢ᠌ᠵᠤ᠂ ᠣᠲᠣ ᠪᠣᠯᠲᠠᠯ᠎ᠠ ᠨᠢᠭᠡᠨᠲᠡ 19 ᠵᠢᠭᠤᠯᠴᠢᠯᠠᠯ᠎ᠤᠨ ᠣᠷᠣᠨ᠎ᠢ ᠬᠡᠪ᠎ᠤᠨ ᠶᠣᠰᠣᠭ᠋ᠠᠷ ᠡᠵᠡᠩᠨᠡᠵᠦ ᠪᠠᠢ᠌ᠬᠤ ᠪᠥᠭᠡᠳ ᠴᠠᠭ ᠬᠤᠪᠢᠶᠠᠬᠤ᠂ ᠣᠷᠭᠢᠯ ᠵᠥᠷᠢᠭᠦᠯᠬᠦ᠂ ᠤᠷᠢᠳᠴᠢᠯᠠᠨ ᠪᠣᠯᠵᠣᠬᠤ ᠱᠠᠭ᠋ᠠᠷᠳᠠᠯᠭ᠎ᠠ ᠶᠣᠰᠣᠭ᠋ᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠰᠠᠢ᠌ᠲᠤᠷ ᠬᠢᠵᠦ ᠪᠠᠢ᠌ᠨ᠎ᠠ᠃ 7 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠡᠵᠡᠩᠨᠡᠯᠲᠡ ᠵᠢᠨ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠪᠥᠬᠥ ᠭᠥᠯᠢᠶᠡᠨ ᠠᠪᠤᠭᠰᠠᠨ ᠬᠥᠮᠥᠨ᠎ᠤ ᠲᠣᠭ᠎ᠠ 31.2 ᠲᠦᠮᠡᠨ ᠬᠥᠮᠥᠨ ᠤᠳᠠᠭ᠎ᠠ᠎ᠳᠤ ᠬᠦᠷᠴᠦ᠂ ᠵᠢᠭᠤᠯᠴᠢᠯᠠᠯ᠎ᠤᠨ ᠣᠷᠣᠯᠭ᠎ᠠ 1051 ᠲᠦᠮᠡᠨ ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠵᠠᠬ᠎ᠠ ᠳᠡᠯᠭᠡᠭᠦᠷ᠎ᠤᠨ ᠰᠠᠢ᠌ᠵᠢᠷᠠᠬᠤ ᠬᠠᠨᠳᠤᠰᠢ ᠢᠯᠡᠷᠬᠡᠢ ᠪᠠᠢ᠌ᠨ᠎ᠠ᠃ ᠡᠳᠦᠷ᠎ᠲᠤ 1000 ᠬᠥᠮᠥᠨ᠎ᠢ ᠭᠥᠯᠢᠶᠡᠨ ᠠᠪᠤᠭᠰᠠᠨ ᠦᠵᠡᠮᠵᠢ ᠵᠢᠨ ᠣᠷᠣᠨ᠎ᠳᠤ ᠳᠤᠯᠤᠨ ᠨᠠᠭᠤᠷ᠎ᠤᠨ ᠦᠵᠡᠮᠵᠢ ᠵᠢᠨ ᠣᠷᠣᠨ᠂ ᠳᠤᠮᠳᠠᠳᠤ ᠤᠯᠤᠰ᠎ᠤᠨ ᠠᠳᠤᠭᠤᠨ᠎ᠤ ᠨᠤᠲᠤᠭ᠎ᠤᠨ ᠭᠣᠣᠯ ᠣᠷᠣᠨ᠎ᠤ ᠰᠣᠶᠣᠯ ᠠᠮᠢ ᠠᠬᠤᠢ ᠵᠢᠨ ᠵᠢᠭᠤᠯᠴᠢᠯᠠᠯ᠎ᠤᠨ ᠦᠵᠡᠮᠵᠢ ᠵᠢᠨ ᠣᠷᠣᠨ (  ᠠᠳᠤᠭᠤᠨ᠎ᠤ ᠨᠤᠲᠤᠭ᠎ᠤᠨ ᠰᠥᠨᠢ ᠵᠢᠨ ᠬᠤᠲᠠᠬᠠᠨ᠎ᠳᠤ ᠲᠦᠰᠢᠭᠯᠡᠵᠦ᠂ ᠲᠤᠰ ᠭᠠᠵᠠᠷ᠎ᠤᠨ ᠵᠢᠭᠤᠯᠴᠢᠯᠠᠭᠴᠢᠳ ᠵᠶ᠋ᠠᠷ ᠭᠣᠣᠯ ᠪᠣᠯᠭ᠋ᠠᠨ᠎ᠠ)᠂ ᠪᠦᠯᠢᠶᠡᠨ ᠪᠤᠯᠠᠭ᠎ᠤᠨ ᠦᠵᠡᠮᠵᠢ ᠵᠢᠨ ᠣᠷᠣᠨ᠂ ᠤᠯᠠᠭ᠋ᠠᠢ ᠵᠢᠨ ᠵᠢᠦ ᠴᠢᠦᠢ ᠸᠠᠨ᠎ᠤ ᠦᠵᠡᠮᠵᠢ ᠵᠢᠨ ᠣᠷᠣᠨ ᠵᠢᠭᠰᠠᠭ᠋ᠠᠭᠳᠠᠨ᠎ᠠ᠃ ᠵᠢᠭᠤᠯᠴᠢᠯᠠᠭᠴᠢᠳ᠎ᠤᠨ ᠵᠠᠬ᠎ᠠ ᠳᠡᠯᠭᠡᠭᠦᠷ᠎ᠤᠨ ᠵᠠᠳᠠᠯᠤᠯᠲᠠ᠎ᠳᠤ᠂ ᠠᠢ᠌ᠮᠠᠭ᠎ᠤᠨ ᠭᠠᠳᠠᠨᠠᠬᠢ ᠵᠢᠭᠤᠯᠴᠢᠯᠠᠭᠴᠢᠳ᠎ᠤᠨ ᠡᠵᠡᠯᠡᠬᠦ ᠬᠠᠷᠢᠴᠠᠯ᠎ᠨᠢ ᠪᠠᠷᠤᠭ 60% ᠪᠠᠢ᠌ᠵᠤ᠂ ᠭᠣᠣᠯᠳᠠᠭᠤ ᠤᠯᠠᠭ᠋ᠠᠨᠬᠠᠳᠠ ᠬᠣᠲᠠ᠂ ᠬᠢᠩᠭ᠋ᠠᠨ ᠠᠢ᠌ᠮᠠᠭ᠂ ᠲᠦᠩᠯᠢᠶᠣᠣ ᠬᠣᠲᠠ ᠵᠡᠷᠭᠡ ᠭᠠᠵᠠᠷ᠎ᠠᠴᠠ ᠢᠷᠡᠭᠰᠡᠨ ᠣᠷᠣᠨ᠎ᠤ ᠳᠣᠲᠣᠷᠠᠬᠢ ᠠᠢ᠌ᠮᠠᠭ᠎ᠤᠨ ᠭᠠᠳᠠᠨᠠᠬᠢ   ᠵᠢᠭᠤᠯᠴᠢᠯᠠᠭᠴᠢ ᠪᠣᠯᠣᠨ᠎ᠠ᠂ ᠳᠠᠷᠠᠭ᠋ᠠᠯᠠᠪᠠᠯ ᠪᠡᠭᠡᠵᠢᠩ᠂ ᠾᠧᠪᠧᠢ᠂ ᠲᠢᠶᠠᠨᠵᠢᠨ᠂ ᠯᠢᠶᠣᠤᠨᠢᠩ᠂ ᠭᠢᠷᠢᠨ᠂ ᠱᠠᠨᠳᠦ᠋ᠩ᠂ ᠵᠢᠶᠠᠩᠰᠤ᠂ ᠱᠠᠨ ᠰᠢ ᠵᠡᠷᠭᠡ ᠭᠠᠵᠠᠷ᠎ᠠᠴᠠ ᠢᠷᠡᠭᠰᠡᠨ ᠣᠷᠣᠨ᠎ᠤ ᠭᠠᠳᠠᠨᠠᠬᠢ ᠵᠢᠭᠤᠯᠴᠢᠯᠠᠭᠴᠢ ᠪᠣᠯᠣᠨ᠎ᠠ᠃ ᠵᠡᠭᠦᠨ ᠬᠡᠰᠡᠭ᠎ᠤᠨ ᠠᠢ᠌ᠮᠠᠭ᠎ᠤᠨ ᠭᠠᠳᠠᠨᠠᠬᠢ ᠵᠢᠭᠤᠯᠴᠢᠯᠠᠭᠴᠢᠳ᠎ᠤᠨ ᠳᠣᠲᠣᠷ᠎ᠠ ᠤᠯᠠᠭ᠋ᠠᠨᠬᠠᠳᠠ ᠵᠢᠴᠢ ᠵᠡᠭᠦᠨ ᠭᠤᠷᠪᠠᠨ ᠮᠤᠵᠢ ᠵᠢᠨ ᠵᠢᠭᠤᠯᠴᠢᠯᠠᠭᠴᠢᠳ᠎ᠤᠨ ᠲᠣᠭ᠎ᠠ ᠤᠯᠠᠨ ᠪᠠᠢ᠌ᠵᠤ᠂ ᠡᠮᠦᠨᠡᠲᠦ ᠬᠡᠰᠡᠭ᠎ᠤᠨ ᠲᠤᠯᠤᠨ ᠨᠠᠭᠤᠷ᠂ ᠲᠠᠢ᠌ᠹᠦᠰᠸ ᠬᠣᠰᠢᠭᠤ᠂ ᠰᠢᠯᠤᠭᠤᠨ ᠬᠥᠬᠡ ᠬᠣᠰᠢᠭᠤᠨ᠎ᠤ ᠵᠢᠭᠤᠯᠴᠢᠯᠠᠭᠴᠢᠳ᠎ᠤᠨ ᠢᠷᠡᠯᠲᠡ᠎ᠨᠢ ᠪᠡᠭᠡᠵᠢᠩ ᠲᠢᠶᠠᠨᠵᠢᠨ ᠾᠥ᠋ᠪᠸᠢ ᠣᠷᠣᠨ ᠵᠶ᠋ᠠᠷ ᠭᠣᠣᠯᠯᠠᠵᠤ ᠪᠤᠢ᠃
      ᠵᠢᠭᠤᠯᠴᠢᠯᠠᠯ᠎ᠤᠨ ᠭᠣᠣᠯᠳᠠᠯᠭ᠎ᠠ᠎ᠲᠠᠢ ᠪᠠᠭᠤᠳᠠᠯ᠎ᠳᠤ ᠰᠠᠭᠤᠭᠰᠠᠨ ᠨᠣᠷᠮ᠎ᠠ 60% ᠵᠢ ᠳᠠᠪᠠᠵᠤ᠂ ᠡᠭᠦᠨ᠎ᠳᠤ᠂ ᠲᠤᠯᠤᠨ ᠨᠠᠭᠤᠷ᠎ᠤᠨ ᠭᠣᠣᠯᠳᠠᠯᠭ᠎ᠠ᠎ᠲᠠᠢ ᠪᠠᠭᠤᠳᠠᠯ᠎ᠳᠤ ᠭᠠᠷᠠᠭ᠎ᠤᠨ ᠨᠢᠭᠡᠨ᠎ᠠᠴᠠ ᠭᠠᠷᠠᠭ᠎ᠤᠨ ᠳᠥᠷᠪᠡᠨ ᠪᠤᠯᠲᠠᠯ᠎ᠠ ᠰᠠᠭᠤᠭᠰᠠᠨ ᠨᠣᠷᠮ᠎ᠠ 60%᠂ ᠭᠠᠷᠠᠭ᠎ᠤᠨ ᠲᠠᠪᠤᠨ᠂ ᠭᠠᠷᠠᠭ᠎ᠤᠨ ᠵᠢᠷᠭᠤᠭ᠋ᠠᠨ᠎ᠳᠤ ᠰᠠᠭᠤᠭᠰᠠᠨ ᠨᠣᠷᠮ᠎ᠠ 100% ᠬᠦᠷᠴᠦ᠂ ᠭᠠᠷᠠᠭ᠎ᠤᠨ ᠡᠳᠦᠷ᠎ᠲᠤ ᠰᠠᠭᠤᠭᠰᠠᠨ ᠨᠣᠷᠮ᠎ᠠ 80% ᠵᠢ ᠳᠠᠪᠠᠵᠠᠢ;   ᠲᠠᠢ᠌ᠹᠦᠰᠸ ᠬᠣᠰᠢᠭᠤᠨ᠎ᠤ ᠭᠠᠷᠠᠭ᠎ᠤᠨ ᠨᠢᠭᠡᠨ᠎ᠠᠴᠠ ᠭᠠᠷᠠᠭ᠎ᠤᠨ ᠳᠥᠷᠪᠡᠨ ᠪᠣᠯᠲᠠᠯ᠎ᠠ ᠪᠠᠭᠤᠳᠠᠯ᠎ᠳᠤ ᠰᠠᠭᠤᠭᠰᠠᠨ ᠨᠣᠷᠮ᠎ᠠ᠎ᠨᠢ 60%᠎ᠳᠤ ᠬᠦᠷᠴᠦ᠂ ᠲᠣᠰ ᠭᠠᠷᠠᠭ᠎ᠤᠨ ᠰᠡᠭᠦᠯᠴᠢ ᠵᠢᠨ ᠰᠠᠭᠤᠭᠰᠠᠨ ᠨᠣᠷᠮ᠎ᠠ᠎ᠨᠢ 95%᠎ᠳᠤ ᠬᠥᠷᠪᠡ; ᠰᠢᠯᠤᠭᠤᠨ ᠬᠥᠬᠡ ᠬᠣᠰᠢᠭᠤᠨ᠎ᠤ ᠭᠣᠣᠯᠳᠠᠯᠭ᠎ᠠ᠎ᠲᠠᠢ ᠵᠣᠴᠢᠳ᠎ᠤᠨ ᠪᠠᠭᠤᠳᠠᠯ᠎ᠳᠤ ᠰᠠᠭᠤᠭᠰᠠᠨ ᠨᠣᠷᠮ᠎ᠠ 40%᠎ᠳᠤ ᠬᠦᠷᠴᠡᠢ; ᠰᠢᠯᠢᠩᠬᠣᠲᠠ ᠵᠢᠨ ᠶᠤᠸᠠᠨ ᠾᠧ ᠵᠢᠶᠠᠨ ᠭᠦᠸᠧ ᠵᠣᠴᠢᠳ᠎ᠤᠨ ᠪᠠᠭᠤᠳᠠᠯ ᠎ᠳᠤ ᠰᠠᠭᠤᠭᠰᠠᠨ ᠨᠣᠷᠮ᠎ᠠ ᠪᠠᠷᠤᠭ 70% ᠪᠠᠢ᠌ᠵᠤ᠂ ᠪᠥᠬᠥ ᠤᠯᠠᠷᠢᠯ᠎ᠤᠨ ᠵᠣᠴᠢᠳ᠎ᠤᠨ ᠪᠠᠭᠤᠳᠠᠯ ᠪᠠᠷᠤᠭ 85%᠎ᠳᠤ ᠬᠦᠷᠪᠡ; ᠪᠠᠷᠠᠭᠤᠨ ᠦᠵᠦᠮᠦᠴᠢᠨ᠎ᠤ ᠵᠣᠴᠢᠳ᠎ᠤᠨ ᠪᠠᠭᠤᠳᠠᠯ᠎ᠳᠤ ᠰᠠᠭᠤᠭᠰᠠᠨ ᠨᠣᠷᠮ᠎ᠠ 52% ᠪᠠᠢ᠌ᠵᠤ᠂ ᠴᠥᠮ ᠨᠢᠳᠤᠨᠤᠨ᠎ᠤ ᠠᠳᠠᠯᠢ ᠬᠤᠭᠤᠴᠠᠭ᠋ᠠᠨ᠎ᠤ ᠬᠢᠷᠢ ᠲᠦᠪᠰᠢᠨ᠎ᠳᠤ ᠬᠦᠷᠴᠡᠢ᠃

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠮᠠᠨᠵᠤᠤᠷ ᠬᠤᠲᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠬᠤᠲᠠ ᠵᠢᠨ ᠠᠷᠠᠳ᠎ᠤᠨ ᠰᠣᠶᠣᠯ ᠤᠷᠠᠯᠢᠭ᠎ᠤᠨ ᠨᠠᠢ᠌ᠷ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠦᠵᠡᠭᠦᠯᠭᠡ ᠵᠢᠨ ᠲᠣᠭᠯᠠᠯᠲᠠ ᠥᠷᠨᠢᠭᠦᠯᠪᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠠᠵᠢᠯ᠎ᠤᠨ ᠲᠧᠯᠸᠢᠰ ᠤᠲᠠᠰᠤ ᠲᠠᠮᠵᠢᠯᠭ᠋ᠠᠲᠤ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ ᠲᠠᠨᠢᠯᠴᠠᠭᠤᠯᠬᠤ ᠬᠤᠷᠠᠯ ᠡᠷᠭᠢᠯᠡᠵᠦ ᠪᠥᠬᠥ ᠤᠯᠤᠰ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠬᠦ ᠳᠡᠭᠡᠳᠦ ᠲᠠᠰ᠎ᠤᠨ ᠴᠢᠳᠠᠪᠤᠷᠢᠲᠠᠨ᠎ᠳᠤ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠪᠠ
ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠪᠠ
ᠠᠯᠠᠱ᠌ᠠ᠄ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠵᠤᠨ᠎ᠤ ᠠᠮᠠᠷᠠᠯᠲᠠ ᠵᠢᠨ ᠨᠤᠮ ᠤᠩᠰᠢᠬᠤ ᠠᠵᠢᠯᠯᠠᠭ᠎ᠠ ᠦᠷᠨᠢᠭᠦᠯᠪᠡ
 
            