ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ᠄ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠵᠤᠨ᠎ᠤ ᠠᠮᠠᠷᠠᠯᠲᠠ ᠵᠢᠨ ᠨᠤᠮ ᠤᠩᠰᠢᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2022-08-12

      ᠤᠩᠰᠢᠭᠴᠢᠳ᠎ᠲᠤ ᠨᠠᠩ ᠰᠠᠢ᠌ᠨ ᠦᠢ᠍ᠯᠡᠴᠢᠯᠡᠵᠦ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠥᠬᠥ ᠠᠷᠠᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠤᠩᠰᠢᠯᠭ᠎ᠠ ᠵᠢᠨ ᠠᠭᠤᠷ ᠠᠮᠢᠰᠬᠤᠯ᠎ᠢ ᠳᠠᠢ᠌ᠴᠢᠯᠠᠬᠤ ᠵᠢᠨ ᠲᠥᠯᠥᠭᠡ᠂ ᠠᠯᠠᠱ᠌ᠠ ᠠᠢ᠌ᠮᠠᠭ᠎ᠤᠨ ᠡᠯ᠎ᠡ ᠱᠠᠲᠤᠨ᠎ᠤ ᠨᠣᠮ᠎ᠤᠨ ᠰᠠᠩ ᠣᠯᠠᠨ ᠲᠦᠮᠡᠨ᠎ᠤ ᠪᠣᠳᠠᠲᠤ ᠪᠠᠢ᠌ᠳᠠᠯ᠎ᠳᠤ ᠣᠢ᠌ᠷᠠᠲᠤᠨ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠣᠯᠠᠨ ᠲᠦᠮᠡᠨ᠎ᠤ ᠰᠣᠶᠣᠯ᠎ᠤᠨ ᠪᠠᠶᠠᠯᠢᠭ ᠰᠠᠢ᠌ᠬᠠᠨ ᠠᠵᠢᠯᠯᠠᠭ᠎ᠠ ᠵᠢ ᠥᠷᠨᠢᠭᠦᠯᠪᠡ᠃ ᠠᠮᠠᠷᠠᠯᠲᠠ ᠵᠢᠨ ᠬᠤᠭᠤᠴᠠᠭ᠋ᠠᠨ᠎ᠤ ᠨᠣᠮ᠎ᠤᠨ ᠰᠠᠩ᠎ᠤᠨ ᠠᠵᠢᠯᠯᠠᠭ᠎ᠠ᠎ᠨᠢ ᠠᠯᠠᠱ᠌ᠠ ᠠᠢ᠌ᠮᠠᠭ᠎ᠤᠨ ᠰᠣᠶᠣᠯ᠎ᠤᠨ ᠠᠮᠢᠳᠤᠷᠠᠯ᠎ᠳᠤ᠎ᠬᠢ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ ᠪᠣᠯᠵᠤ᠂ ᠥᠷᠭᠡᠨ ᠤᠯᠠᠨ ᠲᠦᠮᠡᠨ᠎ᠤ ᠰᠠᠢ᠌ᠨ ᠦᠨᠡᠯᠡᠯᠲᠡ ᠵᠢ ᠣᠯᠵᠠᠢ᠃
      ᠡᠯ᠎ᠡ ᠱᠠᠲᠤᠨ᠎ᠤ ᠨᠣᠮ᠎ᠤᠨ ᠰᠠᠩ 7 ᠳ᠋ᠤᠭ᠋ᠠᠷ ᠰᠠᠷ᠎ᠠ ᠵᠢᠨ 15 ᠎ᠤ ᠡᠳᠦᠷ᠎ᠠᠴᠠ ᠡᠬᠢᠯᠡᠨ᠂ 《ᠪᠦᠬᠦ ᠠᠷᠠᠳ ᠵᠶ᠋ᠠᠷ ᠵᠶ᠋ᠠᠨ ᠨᠣᠮ ᠤᠩᠰᠢᠵᠤ ᠵᠤᠨ᠎ᠤ ᠠᠮᠠᠷᠠᠯᠲᠠ ᠵᠢ ᠦᠩᠭᠡᠷᠡᠭᠦᠯᠬᠦ》 2022 ᠣᠨ᠎ᠤ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠨᠣᠮ ᠤᠩᠰᠢᠬᠤ ᠠᠵᠢᠯᠯᠠᠭ᠎ᠠ ᠵᠢ ᠥᠷᠨᠢᠭᠦᠯᠵᠦ᠂ ᠭᠠᠷᠠᠭ ᠪᠦᠷᠢ ᠨᠢᠭᠡ ᠭᠣᠣᠯ ᠰᠡᠳᠦᠪ᠎ᠤᠨ ᠲᠣᠭᠣᠷᠢᠨ᠎ᠳᠤ 35 ᠤᠳᠠᠭ᠎ᠠ ᠵᠢᠨ ᠰᠢᠷᠢᠰ ᠠᠵᠢᠯᠯᠠᠭ᠎ᠠ ᠵᠢ ᠡᠷᠬᠢᠯᠡᠬᠦ᠎ᠪᠠᠷ ᠲᠥᠯᠥᠪᠯᠡᠵᠦ᠂ ᠡᠳᠦᠷ ᠪᠦᠷᠢ ᠳᠤᠮᠳᠠᠴᠢ᠎ᠪᠠᠷ 500 ᠭᠠᠷᠤᠢ ᠤᠩᠰᠢᠭᠴᠢᠳ᠎ᠢ ᠭᠥᠯᠢᠶᠡᠨ ᠠᠪᠴᠤ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠳᠤ ᠢᠷᠡᠭᠰᠡᠨ ᠤᠩᠰᠢᠭᠴᠢᠳ 800 ᠬᠥᠮᠥᠨ ᠤᠳᠠᠭ᠎ᠠ ᠵᠢ ᠳᠠᠪᠠᠵᠠᠢ᠃ ᠭᠣᠣᠯ ᠰᠡᠳᠦᠪᠲᠦ ᠠᠵᠢᠯᠯᠠᠭ᠎ᠠ ᠵᠢᠨ ᠲᠣᠭᠣᠷᠢᠨ᠎ᠳᠤ᠂ ᠬᠤᠪᠢᠰᠬᠠᠯᠲᠤ ᠤᠲᠤᠮᠰᠢᠯ ᠎ᠢ ᠤᠯᠠᠮᠵᠢᠯᠠᠨ ᠴᠡᠷᠢᠭ᠎ᠢ ᠬᠦᠴᠦᠷᠬᠡᠭᠵᠢᠭᠦᠯᠬᠦ ᠠᠭᠤᠤ ᠦᠢ᠍ᠯᠡᠰ᠎ᠢ ᠡᠭᠦᠳᠬᠦ— ᠰᠢᠨ᠎ᠡ ᠴᠠᠭ ᠦᠶ᠎ᠡ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠢ᠌ᠭᠤᠯᠤᠯᠲᠠ ᠵᠢᠨ ᠭᠣᠣᠯ ᠰᠡᠳᠦᠪᠲᠦ ᠦᠵᠡᠭᠦᠯᠭᠡ᠂ 《ᠤᠯᠠᠮᠵᠢᠯᠠᠯᠲᠤ ᠰᠣᠶᠣᠯ᠎ᠢ ᠨᠡᠢ᠌ᠭᠡᠮ ᠲᠣᠭᠣᠷᠢᠭ᠎ᠲᠤ ᠣᠷᠣᠭᠤᠯᠬᠤ》 ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠂ ᠤᠤᠷ ᠰᠤᠶᠤᠯ ᠎ᠤᠨ ᠬᠢᠴᠢᠶᠡᠯ᠎ᠤᠨ ᠲᠠᠩᠬᠢᠮ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠤᠷᠠᠨ ᠵᠢᠷᠤᠭ᠎ᠤᠨ ᠪᠦᠲᠦᠭᠡᠯᠴᠢ ᠪᠣᠯᠪᠠᠰᠤᠷᠠᠯ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠢᠲᠠᠳ ᠪᠢᠴᠢᠭ᠎ᠤᠨ ᠬᠠᠲᠠᠭᠤ ᠪᠢᠷ᠎ᠤᠨ ᠤᠷᠠᠨ ᠪᠢᠴᠢᠯᠭᠡ ᠵᠢᠨ ᠪᠣᠯᠪᠠᠰᠤᠷᠠᠯ᠂ 《ᠰᠣᠩᠭᠣᠳᠠᠭ ᠪᠦᠲᠦᠭᠡᠯ᠎ᠢ ᠤᠯᠠᠮᠵᠢᠯᠠᠨ ᠵᠠᠯᠭ᠋ᠠᠮᠵᠢᠯᠠᠵᠤ ᠬᠡᠦᠬᠡᠳ᠎ᠤᠨ ᠰᠡᠳᠬᠢᠯ᠎ᠢ ᠰᠢᠮᠡᠵᠢᠭᠦᠯᠬᠦ》   ᠤᠤᠷ ᠰᠤᠶᠤᠯ ᠎ᠤᠨ ᠰᠣᠩᠭᠣᠳᠠᠭ ᠪᠦᠲᠦᠭᠡᠯ᠎ᠢ ᠤᠩᠰᠢᠬᠤ ᠠᠵᠢᠯᠯᠠᠭ᠎ᠠ᠂ ᠲᠣᠮᠣ ᠭᠠᠷ ᠵᠢᠵᠢᠭ ᠭᠠᠷ ᠵᠶ᠋ᠠᠨ ᠬᠦᠲᠦᠯᠬᠦ— ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠪᠠᠭ᠋ᠠᠴᠤᠳ ᠬᠡᠦᠬᠡᠳ᠎ᠤᠨ ᠺᠢᠨᠣ᠋ ᠵᠢᠨ ᠦᠵᠡᠭᠦᠯᠭᠡ ᠨᠡᠪᠲᠡᠷᠡᠭᠦᠯᠭᠡ ᠵᠡᠷᠭᠡ ᠠᠵᠢᠯᠯᠠᠭ᠎ᠠ᠎ᠨᠢ ᠤᠩᠰᠢᠭᠴᠢᠳ᠎ᠤᠨ ᠨᠣᠮ ᠪᠢᠴᠢᠭ ᠦᠵᠡᠬᠦ᠂ ᠲᠠᠢ᠌ᠯᠤᠮᠵᠢ ᠰᠣᠨᠣᠰᠬᠤ᠂ ᠦᠵᠡᠰᠬᠦᠯᠡᠩ ᠦᠵᠡᠬᠦ᠂ ᠰᠤᠷᠤᠯᠴᠠᠬᠤ ᠤᠯᠠᠨ ᠶᠠᠩᠵᠤ ᠵᠢᠨ ᠬᠡᠷᠡᠭᠴᠡᠭᠡ ᠵᠢ ᠬᠠᠩᠭ᠋ᠠᠪᠠ᠃
      ᠥᠷᠭᠡᠨ ᠣᠯᠠᠨ ᠤᠩᠰᠢᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠤᠩᠰᠢᠯᠭ᠎ᠠ ᠵᠢᠨ ᠬᠡᠷᠡᠭᠴᠡᠭᠡ ᠵᠢ ᠬᠠᠩᠭ᠋ᠠᠵᠤ᠂ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠳᠤ ᠣᠷᠣᠭᠰᠠᠨ ᠤᠩᠰᠢᠭᠴᠢᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠡᠯ᠎ᠡ ᠱᠠᠲᠤᠨ᠎ᠤ ᠨᠣᠮ᠎ᠤᠨ ᠰᠠᠩ ᠨᠡᠭᠡᠭᠡᠬᠦ ᠴᠠᠭ᠎ᠢ ᠤᠷᠲᠤᠳᠬᠠᠬᠤ᠂ ᠣᠯᠠᠨ ᠨᠡᠶ᠋ᠢᠲᠡ ᠵᠢᠨ ᠲᠤᠭᠤᠷᠢᠭ ᠎ᠤᠨ ᠠᠷᠢᠭᠤᠳᠬᠠᠬᠤ   ᠲᠠᠪᠲᠠᠮᠵᠢ ᠵᠢ ᠨᠡᠮᠡᠭᠳᠡᠭᠦᠯᠬᠦ᠂ ᠨᠡᠢ᠌ᠭᠡᠮ᠎ᠤᠨ ᠰᠣᠶᠣᠯ᠎ᠤᠨ ᠰᠠᠢ᠌ᠨ ᠲᠤᠷᠠᠴᠤᠳ᠎ᠢ ᠡᠯᠰᠡᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠤᠩᠰᠢᠭᠴᠢᠳ᠎ᠤᠨ ᠰᠢᠷᠢᠰ ᠠᠵᠢᠯᠯᠠᠭ᠎ᠠ ᠵᠢᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠨ᠎ᠠ᠃
      ᠲᠠᠷᠠᠭ᠋ᠠᠴᠢ ᠵᠢᠨ ᠠᠯᠬᠤᠮ᠎ᠳᠤ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ᠎ᠬᠢᠨ ᠠᠢ᠌ᠮᠠᠭ ᠬᠣᠰᠢᠭᠤᠨ᠎ᠤ ᠨᠣᠮ᠎ᠤᠨ ᠰᠠᠩ᠎ᠢ ᠤᠯᠠᠮ ᠨᠢᠭᠡ ᠠᠯᠬᠤᠮ ᠬᠥᠲᠥᠯᠥᠨ ᠵᠢᠯᠤᠭᠣᠳᠴᠤ ᠪᠠᠢ᠌ᠭ᠋ᠠᠳ ᠪᠥᠬᠥ ᠠᠷᠠᠳ ᠵᠶ᠋ᠠᠷ ᠵᠶ᠋ᠠᠨ ᠨᠣᠮ ᠤᠩᠰᠢᠬᠤ ᠵᠢ ᠲᠦᠯᠬᠢᠨ ᠠᠬᠢᠭᠤᠯᠬᠤ᠂ ᠨᠣᠮ᠎ᠤᠨ ᠦᠨᠦᠷ ᠬᠠᠩᠬᠤᠯᠤᠭᠰᠠᠨ ᠠᠯᠠᠱ᠌ᠠ ᠵᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠲᠠᠰᠤᠷᠠᠯᠲᠠ ᠦᠭᠡᠢ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ᠂ ᠪᠥᠬᠥ ᠠᠷᠠᠳ ᠵᠶ᠋ᠠᠷ ᠵᠶ᠋ᠠᠨ ᠨᠣᠮ ᠤᠩᠰᠢᠬᠤ ᠡᠯ᠎ᠡ ᠲᠥᠷᠥᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ᠂ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ᠂ ᠰᠣᠶᠣᠯ᠎ᠤᠨ ᠠᠮᠢ ᠠᠬᠤᠢ ᠵᠢ ᠬᠠᠮᠠᠭ᠋ᠠᠯᠠᠬᠤ᠂ ᠨᠣᠮ᠎ᠤᠨ ᠦᠨᠦᠷ ᠬᠠᠩᠬᠤᠯᠤᠭᠰᠠᠨ ᠨᠡᠢ᠌ᠭᠡᠮ᠎ᠢ ᠪᠣᠶ ᠪᠣᠯᠭ᠋ᠠᠬᠤ᠂ ᠡᠶ᠎ᠡ ᠵᠣᠬᠢᠴᠠᠯ᠎ᠲᠠᠢ ᠠᠯᠠᠱ᠌ᠠ ᠵᠢ ᠬᠠᠮᠲᠤ᠎ᠪᠠᠷ ᠪᠦᠲᠦᠭᠡᠨ ᠪᠠᠶ᠋ᠢᠭᠤᠯᠬᠤ ᠭᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠪᠣᠯᠣᠨ᠎ᠠ᠃

ᠢᠷᠡᠯᠲᠡ᠄ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠵᠡᠭᠦᠨ ᠤᠷᠤᠨ᠎ᠤ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠣᠯᠪᠣᠭ᠎ᠠ ᠪᠠ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》 ᠎ᠤᠨ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠤᠯᠪᠤᠭ᠋ᠠᠨ ᠎ᠤ ᠠᠵᠢᠯᠯᠠᠭ᠎ᠠ ᠵᠢᠴᠢ ᠬᠢᠩᠭ᠋ᠠᠨ ᠠᠢ᠌ᠮᠠᠭ᠎ᠤᠨ ᠬᠡᠭᠡᠷ᠎ᠡ ᠪᠠᠭᠤᠳᠠᠯᠯᠠᠬᠤ ᠨᠠᠭ᠋ᠠᠳᠤᠮ ᠬᠢᠩᠭ᠋ᠠᠨ ᠠᠢ᠌ᠮᠠᠭ᠎ᠲᠤ ᠶᠠᠪᠤᠭᠳᠠᠪᠠ
ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠨᠡᠯᠡᠨ ᠵᠢᠱ᠌ᠢᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠵᠦᠸᠧᠽᠢ ᠰᠢᠶᠠᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠤᠯᠠᠨ ᠰᠠᠯᠠᠭ᠎ᠠ ᠮᠥᠴᠢᠷ᠎ᠲᠠᠢ ᠬᠠᠮᠲᠤᠷᠠᠨ ᠦᠵᠡᠮᠵᠢ ᠵᠢᠨ ᠣᠷᠣᠨ᠎ᠳᠤ ᠬᠦᠷᠴᠦ ᠠᠶᠤᠯ ᠦᠭᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢᠨ ᠠᠵᠢᠯ ᠦᠷᠨᠢᠭᠦᠯᠪᠡ
ᠬᠢᠩᠭ᠋ᠠᠨ ᠠᠢ᠌ᠮᠠᠭ᠎ᠤᠨ ᠵᠠᠬᠢᠷᠭ᠎ᠠ ᠱᠠᠨᠰᠢ ᠵᠢᠨ ᠰᠢ ᠠᠨ᠎ᠳᠤ ᠬᠦᠷᠴᠦ ᠵᠣᠯᠭ᠋ᠠᠭᠤᠯᠬᠤ᠎ᠪᠠᠷ ᠪᠠᠢ᠌ᠭ᠎ᠠ ᠰᠣᠶᠤᠯ ᠵᠢᠭᠤᠯᠴᠢᠯᠠᠯ᠎ᠤᠨ ᠲᠦᠷᠦᠯ ᠵᠦᠢ᠍ᠯ᠎ᠢ ᠰᠢᠨᠵᠢᠯᠡᠨ ᠪᠠᠢ᠌ᠴᠠᠭ᠋ᠠᠪᠠ
《ᠥᠪᠥᠷ ᠮᠣᠩᠭᠣᠯ ᠾᠸᠪᠸᠢ ᠯᠢᠶᠣᠤᠨᠢᠩ ᠲᠠᠪᠤᠨ ᠬᠤᠳᠠ ᠵᠢᠨ ᠰᠣᠶᠣᠯ ᠵᠢᠭᠤᠯᠴᠢᠯᠠᠯ᠎ᠤᠨ ᠬᠣᠯᠪᠣᠭ᠎ᠠ》 ᠪᠠᠢ᠌ᠭᠤᠯᠤᠭᠳᠠᠪᠠ
 
            