ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠤᠪᠴᠢᠶ᠎ᠠ ᠰᠠᠨᠠᠭ᠋ᠠᠴᠢᠯᠠᠵᠤ ᠂ ᠬᠢᠩᠭ᠋ᠠᠨ ᠠᠢ᠌ᠮᠠᠭ᠎ᠤᠨ ᠮᠠᠰᠢᠨ ᠲᠡᠷᠭᠡᠨ᠎ᠤ ᠬᠡᠭᠡᠷ᠎ᠡ ᠪᠠᠭᠤᠳᠠᠯᠯᠠᠬᠤ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠬᠥᠳᠡᠯᠭᠡᠭᠡᠨ᠎ᠤ ᠨᠡᠢ᠌ᠭᠡᠮᠯᠢᠭ ᠭᠣᠣᠯᠯᠠᠨ ᠡᠷᠬᠢᠯᠡᠭᠰᠡᠨ ᠥᠪᠥᠷ ᠮᠣᠩᠭᠣᠯ᠎ᠤᠨ ᠵᠡᠭᠦᠨ ᠣᠷᠣᠨ᠎ᠤ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠣᠯᠪᠣᠭ᠎ᠠ ᠪᠣᠯᠣᠨ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》᠎ᠤᠨ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠤᠯᠪᠤᠭ᠋ᠠᠨ ᠤ ᠠᠵᠢᠯᠯᠠᠭ᠎ᠠ ᠵᠢᠴᠢ ᠬᠢᠩᠭ᠋ᠠᠨ ᠠᠢ᠌ᠮᠠᠭ᠎ᠤᠨ ᠬᠡᠭᠡᠷ᠎ᠡ ᠪᠠᠭᠤᠳᠠᠯᠯᠠᠬᠤ ᠨᠠᠭ᠋ᠠᠳᠤᠮ 8 ᠳ᠋ᠤᠭ᠋ᠠᠷ ᠰᠠᠷ᠎ᠠ ᠵᠢᠨ 7᠎ᠤ ᠡᠳᠦᠷ ᠥᠪᠥᠷ ᠮᠣᠩᠭᠣᠯ᠎ᠤᠨ ᠬᠢᠩᠭ᠋ᠠᠨ ᠠᠢ᠌ᠮᠠᠭ᠎ᠤᠨ ᠤᠯᠠᠭ᠋ᠠᠨᠮᠣᠳᠤ ᠵᠢᠨ ᠲᠠᠯ᠎ᠠ ᠨᠤᠲᠤᠭ᠎ᠲᠤ ᠬᠥᠰᠢᠭᠡ᠎ᠪᠠᠨ ᠰᠡᠬᠦᠪᠡ᠃ ᠳᠤᠮᠳᠠᠳᠤ ᠤᠯᠤᠰ᠎ᠤᠨ 《ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠯ》 (ᠰᠡᠳᠬᠦᠯ) · ᠪᠥᠬᠥ ᠤᠯᠤᠰ᠎ᠤᠨ ᠺᠯᠦ᠋ᠪ᠎ᠤᠨ ᠬᠣᠯᠪᠣᠭ᠎ᠠ (CCCA)᠂ ᠲᠦᠩᠯᠢᠶᠣᠣ ᠬᠣᠲᠠ ᠵᠢᠨ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠂ ᠤᠯᠠᠭ᠋ᠠᠨᠬᠠᠳᠠ ᠬᠣᠲᠠ ᠵᠢᠨ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠂ ᠬᠥᠯᠥᠨ ᠪᠣᠶ᠋ᠢᠷ ᠬᠣᠲᠠ ᠵᠢᠨ ᠬᠡᠭᠡᠷ᠎ᠡ ᠪᠠᠭᠤᠳᠠᠯᠯᠠᠬᠤ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠂ ᠴᠠᠩᠴᠦ᠋ᠨ ᠬᠣᠲᠠ ᠵᠢᠨ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠂ ᠬᠢᠩᠭ᠋ᠠᠨ ᠠᠢ᠌ᠮᠠᠭ᠎ᠤᠨ ᠮᠠᠰᠢᠨ ᠲᠡᠷᠭᠡ ᠪᠠ ᠮᠣᠲ᠋ᠣᠷ᠎ᠤᠨ ᠬᠡᠭᠡᠷ᠎ᠡ ᠪᠠᠭᠤᠳᠠᠯᠯᠠᠬᠤ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ ᠪᠠ ᠵᠠᠭᠤᠴᠢᠯᠠᠭᠤᠷ᠎ᠤᠨ ᠰᠣᠷᠪᠣᠯᠵᠢᠯᠠᠭᠴᠢᠳ ᠲᠤᠰ ᠣᠳᠠᠭ᠋ᠠᠨ᠎ᠤ ᠠᠵᠢᠯᠯᠠᠭ᠎ᠠ᠎ᠳᠤ ᠤᠷᠤᠯᠴᠠᠪᠠ᠃
ᠬᠤᠷᠠᠯ ᠳᠡᠭᠡᠷ᠎ᠡ ᠥᠪᠥᠷ ᠮᠣᠩᠭᠣᠯ᠎ᠤᠨ ᠵᠡᠭᠦᠨ ᠣᠷᠣᠨ᠎ᠤ ᠰᠠᠭᠤᠴᠠ ᠵᠢᠨ ᠮᠠᠰᠢᠨ ᠲᠡᠷᠭᠡᠨ ᠤ ᠬᠡᠭᠡᠷ᠎ᠡ ᠪᠠᠭᠤᠳᠠᠯᠯᠠᠬᠤ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠎ᠤᠨ ᠬᠣᠯᠪᠣᠭ᠎ᠠ ᠵᠢ ᠪᠠᠢ᠌ᠭᠤᠯᠵᠤ᠂ ᠥᠪᠥᠷ ᠮᠣᠩᠭᠣᠯ᠎ᠤᠨ ᠵᠡᠭᠦᠨ ᠣᠷᠣᠨ ᠪᠣᠯᠣᠨ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷᠤᠨ ᠦᠰᠦᠭ ᠵᠢᠷᠤᠵᠠᠢ᠃ ᠡᠭᠦᠨ᠎ᠤ ᠬᠠᠮᠲᠤ ᠪᠠᠰᠠ ᠬᠡᠭᠡᠷ᠎ᠡ ᠬᠣᠨᠣᠭᠯᠠᠬᠤ᠂ ᠵᠢᠭᠤᠯᠴᠢᠯᠠᠨ ᠲᠣᠭᠣᠷᠢᠬᠤ᠂ ᠬᠢᠩᠭ᠋ᠠᠨ ᠠᠢ᠌ᠮᠠᠭ᠎ᠤᠨ ᠨᠠᠭ᠋ᠠᠳᠤᠮ᠎ᠤᠨ ᠡᠬᠢᠯᠡᠯᠲᠡ ᠵᠢᠨ ᠶᠣᠰᠣᠯᠠᠯ᠎ᠳᠤ ᠣᠷᠤᠯᠴᠠᠬᠤ ᠵᠡᠷᠭᠡ ᠠᠵᠢᠯᠯᠠᠭ᠎ᠠ ᠵᠢ ᠥᠷᠨᠢᠭᠦᠯᠪᠡ᠃
ᠥᠪᠥᠷ ᠮᠣᠩᠭᠣᠯ᠎ᠤᠨ ᠵᠡᠭᠦᠨ ᠣᠷᠣᠨ᠎ᠤ ᠰᠠᠭᠤᠴᠠ ᠵᠢᠨ ᠮᠠᠰᠢᠨ ᠲᠡᠷᠭᠡᠨ᠎ᠤ ᠬᠡᠭᠡᠷ᠎ᠡ ᠪᠠᠭᠤᠳᠠᠯᠯᠠᠬᠤ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠨᠡᠢ᠌ᠭᠡᠮᠯᠢᠭ᠎ᠤᠨ ᠬᠣᠯᠪᠣᠭ᠎ᠠ ᠪᠠᠢ᠌ᠭᠤᠯᠤᠭᠳᠠᠭᠰᠠᠨ ᠪᠠ ᠬᠣᠶᠠᠷ ᠶᠡᠬᠡ ᠣᠷᠣᠨ ᠪᠦᠰᠡ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠭᠰᠠᠨ᠎ᠨᠢ ᠬᠢᠵᠢᠭ᠎ᠤᠨ ᠪᠠᠢ᠌ᠳᠠᠯ᠎ᠢ ᠪᠠᠢ᠌ᠩᠭᠤ ᠰᠡᠷᠭᠡᠢ᠌ᠯᠡᠨ ᠡᠵᠡᠮᠳᠡᠬᠦ ᠪᠠᠢ᠌ᠳᠠᠯ ᠳᠣᠣᠷ᠎ᠠ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠣᠷᠣᠨ ᠪᠦᠰᠡᠵᠢᠭᠰᠡᠨ᠂ ᠤᠯᠠᠨ ᠲᠡᠰ ᠳᠠᠪᠬᠤᠷᠭ᠎ᠠ᠎ᠲᠠᠢ᠂ ᠤᠯᠠᠨ ᠡᠰᠢᠵᠢᠭᠰᠡᠨ᠂ ᠥᠨᠳᠥᠷ ᠦᠷ᠎ᠡ ᠪᠦᠲᠦᠮᠵᠢ᠎ᠲᠠᠢ ᠥᠪᠡᠷᠲᠡᠭᠡᠨ ᠲᠡᠷᠭᠡ ᠵᠢᠯᠤᠭᠣᠳᠴᠤ ᠵᠢᠭᠤᠯᠴᠢᠯᠠᠬᠤ ᠪᠠ ᠰᠠᠭᠤᠴᠠ ᠵᠢᠨ ᠮᠠᠰᠢᠨ ᠲᠡᠷᠭᠡ᠎ᠪᠠᠷ ᠬᠡᠭᠡᠷ᠎ᠡ ᠪᠠᠭᠤᠳᠠᠯᠯᠠᠬᠤ ᠡᠬᠢ ᠪᠠᠶᠠᠯᠢᠭ᠎ᠤᠨ ᠲᠠᠪᠴᠠᠩ᠎ᠢ ᠪᠠᠢ᠌ᠭᠤᠯᠵᠤ᠂ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠥᠪᠡᠷᠲᠡᠭᠡᠨ ᠲᠡᠷᠭᠡ ᠵᠢᠯᠤᠭᠣᠳᠴᠤ ᠪᠠᠢ᠌ᠭ᠎ᠠ ᠬᠥᠮᠥᠰ᠎ᠤᠨ ᠠᠵᠢᠯᠯᠠᠭ᠋ᠠᠨ᠎ᠤ ᠷᠠᠳᠢᠦ᠋ᠰᠢ ᠦᠷᠭᠡᠳᠬᠡᠬᠦ᠂ ᠥᠪᠥᠷ ᠮᠣᠩᠭᠣᠯ᠎ᠤᠨ ᠵᠡᠭᠦᠨ ᠬᠡᠰᠡᠭ ᠪᠠ ᠴᠠᠩᠴᠦ᠋ᠨ᠂ ᠤᠯᠠᠭ᠋ᠠᠨᠬᠤᠲᠠ᠂ ᠷᠠᠰᠢᠶᠠᠨ᠂ ᠬᠠᠢ᠌ᠯᠠᠷ ᠂ ᠮᠠᠨᠵᠤᠤᠷ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠵᠤ ᠠᠬᠤᠢ ᠵᠢᠨ ᠰᠡᠷᠭᠦᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠪᠠ ᠠᠴᠢ ᠬᠣᠯᠪᠣᠭᠳᠠᠯ᠎ᠲᠠᠢ ᠶᠤᠮ᠃