ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨᠵᠤᠤᠷ ᠬᠤᠲᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠬᠤᠲᠠ ᠵᠢᠨ ᠠᠷᠠᠳ᠎ᠤᠨ ᠰᠣᠶᠣᠯ ᠤᠷᠠᠯᠢᠭ᠎ᠤᠨ ᠨᠠᠢ᠌ᠷ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠦᠵᠡᠭᠦᠯᠭᠡ ᠵᠢᠨ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄ 2022-08-12

     8 ᠳ᠋ᠤᠭ᠋ᠠᠷ ᠰᠠᠷ᠎ᠠ ᠵᠢᠨ 2᠎ᠤᠨ ᠣᠷᠣᠢ᠂ ᠮᠠᠨᠵᠤᠤᠷ ᠬᠣᠲᠠ ᠵᠢᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠬᠣᠲᠠ ᠵᠢᠨ ᠠᠷᠠᠳ᠎ᠤᠨ ᠰᠣᠶᠣᠯ ᠤᠷᠠᠯᠢᠭ᠎ᠤᠨ ᠨᠠᠢ᠌ᠷ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠦᠵᠡᠭᠦᠯᠭᠡ ᠵᠢᠨ ᠲᠣᠭᠯᠠᠯᠲᠠ ᠮᠠᠨᠵᠤᠤᠷ ᠬᠣᠲᠠ ᠵᠢᠨ ᠶᠢᠩ ᠪᠢᠨ ᠲᠠᠯᠠᠪᠠᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃
      ᠲᠣᠰ ᠤᠳᠠᠭ᠋ᠠᠨ᠎ᠤ ᠠᠵᠢᠯᠯᠠᠭ᠎ᠠ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠨᠵᠤᠤᠷ ᠬᠣᠲᠠ ᠵᠢᠨ ᠬᠣᠷᠢᠶ᠎ᠠ᠂ ᠮᠠᠨᠵᠤᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠭᠣᠣᠯᠯᠠᠵᠤ᠂ ᠮᠠᠨᠵᠤᠤᠷ ᠬᠤᠳᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠮᠠᠨᠵᠤᠤᠷ ᠬᠤᠳᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠳᠠᠭ᠋ᠠᠭ᠋ᠠᠴᠢᠯᠠᠨ᠂ ᠮᠠᠨᠵᠤᠤᠷ ᠬᠣᠲᠠ ᠵᠢᠨ ᠣᠯᠠᠨ ᠲᠦᠮᠡᠨ᠎ᠤ ᠤᠷᠠᠯᠢᠭ᠎ᠤᠨ ᠣᠷᠳᠣᠨ ᠬᠠᠮᠵᠢᠨ ᠬᠢᠵᠡᠢ᠃ ᠲᠣᠰ ᠤᠳᠠᠭ᠋ᠠᠨ᠎ᠤ ᠠᠵᠢᠯᠯᠠᠭ᠎ᠠ᠎ᠳᠤ ᠬᠥᠯᠥᠨ ᠪᠣᠶ᠋ᠢᠷ ᠬᠣᠲᠠ ᠵᠢᠨ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠪᠠᠶᠠᠨᠲᠠᠯ᠎ᠠ ᠵᠢᠨ ᠳᠠᠭᠤᠷ ᠰᠢᠶᠠᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠤᠨ ᠤᠯᠠᠮᠵᠢᠯᠠᠯ᠎ᠤᠨ ᠰᠠᠭᠤᠷᠢᠨ ᠭᠠᠵᠠᠷ᠎ᠤᠨ ᠬᠡᠰᠡᠭ ᠲᠣᠭᠯᠠᠭᠴᠢ ᠵᠢᠴᠢ ᠮᠠᠨᠵᠤᠤᠷ ᠬᠣᠲᠠ ᠵᠢᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠤ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠤᠯᠠᠮᠵᠢᠯᠠᠭᠴᠢ ᠪᠣᠯᠣᠨ ᠰᠤᠷᠤᠭᠴᠢᠳ᠎ᠢ ᠤᠷᠢᠵᠤ ᠲᠣᠭᠯᠠᠯᠲᠠ ᠵᠢᠨ ᠠᠵᠢᠯᠯᠠᠭ᠎ᠠ ᠵᠢ ᠬᠠᠮᠲᠤ᠎ᠪᠠᠷ ᠪᠡᠶᠡᠯᠡᠭᠦᠯᠵᠡᠢ᠃
      ᠲᠣᠭᠯᠠᠯᠲᠠ ᠵᠢᠨ ᠠᠵᠢᠯᠯᠠᠭ᠎ᠠ᠎ᠨᠢ 《ᠵᠣᠯ ᠵᠢᠷᠭ᠋ᠠᠯᠲᠤ ᠳᠤᠮᠳᠠᠳᠤ ᠤᠯᠤᠰ᠎ᠲᠤ ᠬᠠᠮᠲᠤ᠎ᠪᠠᠷ ᠤᠷᠤᠭᠰᠢᠯᠠᠶ᠎ᠠ》 ᠭᠡᠬᠦ ᠪᠥᠵᠢᠭ᠎ᠤᠨ ᠳᠤᠮᠳᠠ ᠬᠥᠰᠢᠭᠡ᠎ᠪᠠᠨ ᠰᠡᠬᠦᠨ᠂ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠭᠴᠢᠳ᠎ᠤᠨ ᠳᠠᠭᠤᠯᠠᠭᠰᠠᠨ 《ᠲᠠᠷᠢᠶᠠᠴᠢᠨ ᠲᠠᠤᠯᠠᠢ ᠵᠢ ᠴᠣᠬᠢᠭᠰᠠᠨ᠎ᠨᠢ》᠂ 《ᠬᠤᠷᠴᠠ ᠤᠯᠠᠭ᠋ᠠᠨ ᠴᠡᠴᠡᠭ ᠠᠭᠤᠯᠠᠨ ᠬᠥᠲᠥᠯ᠎ᠢ ᠭᠡᠢ᠌ᠭᠦᠯᠦᠨ᠎ᠡ》᠂ 《ᠲᠠᠪᠤᠨ ᠵᠦᠢ᠍ᠯ᠎ᠤᠨ ᠬᠠᠯᠠᠭᠤᠮᠰᠤᠭ ᠳᠠᠭᠤᠤ》᠂ 《ᠪᠢ ᠳᠠᠭᠤᠷ ᠬᠥᠮᠥᠨ ᠪᠣᠯᠤᠭᠰᠠᠨ᠎ᠳᠤ᠎ᠪᠠᠨ ᠣᠮᠣᠭᠰᠢᠨ᠎ᠠ》 ᠵᠡᠷᠭᠡ ᠰᠣᠩᠭᠣᠳᠠᠭ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠲᠤᠬᠠᠢ ᠵᠢᠨ ᠲᠠᠯᠠᠪᠠᠢ ᠵᠢᠨ ᠦᠵᠡᠭᠴᠢᠳ᠎ᠤᠨ ᠬᠠᠯᠠᠭᠤᠨ ᠬᠦᠷᠢᠶᠡᠯᠡᠯ᠎ᠢ ᠣᠯᠵᠤ᠂ ᠭᠣᠢ᠌ᠳᠠ ᠰᠠᠢ᠌ᠬᠠᠨ ᠲᠣᠭᠯᠠᠯᠲᠠ᠎ᠪᠠᠷ ᠵᠶ᠋ᠡᠨ ᠥᠷᠭᠡᠨ ᠤᠯᠠᠨ ᠠᠷᠠᠳ ᠲᠦᠮᠡᠨ᠎ᠳᠤ ᠦᠨᠳᠦᠰᠦᠲᠡᠨ᠎ᠤ ᠳᠠᠭᠤᠤ ᠬᠥᠭᠵᠢᠮ᠎ᠤᠨ ᠷᠢᠳᠢ ᠰᠢᠳᠢ ᠵᠢ ᠮᠡᠳᠡᠷᠡᠭᠦᠯᠪᠡ᠃ ᠲᠣᠭᠯᠠᠯᠲᠠ ᠵᠢᠨ ᠡᠴᠦᠰ᠎ᠲᠤ 《ᠪᠢᠳᠡᠨ᠎ᠤ ᠡᠵᠢ ᠪᠣᠯ ᠳᠤᠮᠳᠠᠳᠤ ᠤᠯᠤᠰ》 ᠪᠥᠵᠢᠭ ᠵᠶ᠋ᠡᠷ   ᠠᠵᠢᠯᠯᠠᠭ᠎ᠠ᠎ᠪᠠᠨ ᠲᠡᠭᠦᠰ ᠠᠮᠵᠢᠯᠲᠠ᠎ᠲᠠᠢ ᠦᠨᠳᠦᠷᠯᠡᠭᠦᠯᠦᠭᠰᠡᠨ ᠶᠤᠮ᠃
      ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠬᠠᠢ ᠦᠵᠡᠭᠦᠯᠭᠡ ᠵᠢᠨ ᠲᠣᠭᠯᠠᠯᠲᠠ᠎ᠪᠠᠷ ᠳᠠᠮᠵᠢᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠷ ᠦᠨᠳᠦᠰᠦᠲᠡᠨ᠎ᠤ ᠠᠷᠠᠳ᠎ᠤᠨ ᠳᠠᠭᠤᠤ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃

ᠢᠷᠡᠯᠲᠡ᠄ ᠮᠠᠨᠵᠤᠤᠷ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠠᠵᠢᠯ᠎ᠤᠨ ᠲᠧᠯᠸᠢᠰ ᠤᠲᠠᠰᠤ ᠲᠠᠮᠵᠢᠯᠭ᠋ᠠᠲᠤ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ ᠲᠠᠨᠢᠯᠴᠠᠭᠤᠯᠬᠤ ᠬᠤᠷᠠᠯ ᠡᠷᠭᠢᠯᠡᠵᠦ ᠪᠥᠬᠥ ᠤᠯᠤᠰ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠬᠦ ᠳᠡᠭᠡᠳᠦ ᠲᠠᠰ᠎ᠤᠨ ᠴᠢᠳᠠᠪᠤᠷᠢᠲᠠᠨ᠎ᠳᠤ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠪᠠ
ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠪᠠ
ᠠᠯᠠᠱ᠌ᠠ᠄ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠵᠤᠨ᠎ᠤ ᠠᠮᠠᠷᠠᠯᠲᠠ ᠵᠢᠨ ᠨᠤᠮ ᠤᠩᠰᠢᠬᠤ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ᠎ᠤᠨ ᠵᠡᠭᠦᠨ ᠤᠷᠤᠨ᠎ᠤ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠣᠯᠪᠣᠭ᠎ᠠ ᠪᠠ 《ᠴᠠᠩᠴᠦ᠋ᠨ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ》 ᠎ᠤᠨ ᠥᠪᠡᠷᠲᠡᠭᠡᠨ ᠲᠡᠷᠭᠡ ᠵᠢᠯᠤᠭᠣᠳᠴᠤ ᠬᠡᠭᠡᠷ᠎ᠡ ᠪᠠᠭᠤᠳᠠᠯᠯᠠᠬᠤ ᠬᠤᠯᠪᠤᠭ᠋ᠠᠨ ᠎ᠤ ᠠᠵᠢᠯᠯᠠᠭ᠎ᠠ ᠵᠢᠴᠢ ᠬᠢᠩᠭ᠋ᠠᠨ ᠠᠢ᠌ᠮᠠᠭ᠎ᠤᠨ ᠬᠡᠭᠡᠷ᠎ᠡ ᠪᠠᠭᠤᠳᠠᠯᠯᠠᠬᠤ ᠨᠠᠭ᠋ᠠᠳᠤᠮ ᠬᠢᠩᠭ᠋ᠠᠨ ᠠᠢ᠌ᠮᠠᠭ᠎ᠲᠤ ᠶᠠᠪᠤᠭᠳᠠᠪᠠ
 
            