ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠬᠠᠳᠠ ᠵᠢᠨ ᠰᠣᠩᠭᠣᠳᠠᠭ ᠠᠷᠠᠳ᠎ᠤᠨ ᠬᠥᠭᠵᠢᠮ᠎ᠤᠨ ᠠᠶ᠎ᠠ ᠲᠥᠪ ᠲᠧᠯᠸᠢᠰ᠎ᠤᠨ ᠲᠣᠮᠣ ᠲᠠᠪᠴᠠᠩ᠎ᠳᠤ ᠳᠠᠬᠢᠨᠲᠠ ᠭᠠᠷᠪᠠ
ᠨᠡᠶᠢᠲᠡᠯᠡᠭᠰᠡᠨ ᠴᠠᠭ᠄ 2022-08-03

      ᠲᠥᠪ ᠲᠧᠯᠸᠢᠰ᠎ᠤᠨ ᠴᠡᠭᠡᠨ ᠬᠥᠰᠢᠭᠡᠨ᠎ᠳᠤ ᠪᠠᠶᠠᠷ᠎ᠤᠨ ᠴᠢᠮᠡᠭᠡ ᠳᠠᠭᠤᠷᠢᠰᠴᠤ᠂ ᠤᠯᠠᠭ᠋ᠠᠨᠬᠠᠳᠠ ᠵᠢᠨ ᠠᠷᠠᠳ᠎ᠤᠨ ᠬᠥᠭᠵᠢᠮ ᠥᠩᠭᠡ ᠭᠢᠯᠪᠠᠭ᠎ᠠ᠎ᠪᠠᠨ ᠰᠠᠴᠤᠷᠠᠭᠤᠯᠤᠨ᠎ᠠ᠃7 ᠳ᠋ᠤᠭ᠋ᠠᠷ ᠰᠠᠷ᠎ᠠ ᠵᠢᠨ 29᠎ᠤ ᠡᠳᠦᠷ᠎ᠤᠨ 07᠄ 40 ᠮᠢᠨᠦ᠋ᠲ᠎ᠲᠤ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠳᠠᠭᠤᠤ ᠬᠥᠭᠵᠢᠮ᠎ᠤᠨ ᠰᠤᠪᠠᠭ (15 ᠳ᠋ᠤᠭ᠋ᠠᠷ ᠰᠤᠪᠠᠭ)᠎ᠤᠨ 《ᠴᠣᠭ ᠵᠢᠪᠬᠤᠯᠠᠩᠲᠤ ᠤᠯᠤᠰ᠎ᠤᠨ ᠬᠥᠭᠵᠢᠮ》 ᠪᠤᠯᠤᠩ᠎ᠳᠤ   ᠬᠦᠭᠵᠢᠬᠦ ᠵᠢᠨ ᠨᠠᠢ᠌ᠷᠠᠭᠤᠯᠤᠨ ᠵᠣᠬᠢᠶᠠᠭᠰᠠᠨ᠂ ᠤᠯᠠᠭ᠋ᠠᠨᠬᠠᠳᠠ ᠬᠣᠲᠠ ᠵᠢᠨ ᠤᠷᠠᠯᠢᠭ ᠵᠦᠴᠦᠭᠡ ᠵᠢᠨ ᠬᠦᠷᠢᠶᠡᠯᠡᠩ (ᠤᠯᠠᠭ᠋ᠠᠨᠬᠠᠳᠠ ᠬᠣᠲᠠ ᠵᠢᠨ ᠤᠯᠠᠭ᠋ᠠᠨᠮᠥ᠋ᠴᠢᠷ)᠎ᠤᠨ ᠠᠷᠠᠳ᠎ᠤᠨ ᠬᠥᠭᠵᠢᠮ᠎ᠤᠨ ᠪᠦᠯᠬᠦᠮ᠎ᠤᠨ ᠬᠥᠭᠵᠢᠮᠳᠡᠭᠰᠡᠨ ᠠᠷᠠᠳ᠎ᠤᠨ ᠬᠥᠭᠵᠢᠮ᠎ᠤᠨ ᠪᠦᠲᠦᠭᠡᠯ 《  ᠨᠠᠢ᠍ᠮᠠᠨ᠎ᠤ ᠠᠶᠠᠨ》᠎ᠢ ᠨᠡᠪᠲᠡᠷᠡᠭᠦᠯᠪᠡ᠃
      ᠳᠤᠮᠳᠠᠳᠤ ᠵᠢᠨ ᠦᠨᠳᠦᠰᠦᠲᠡᠨ 《ᠶᠤᠰᠤᠯᠠᠯᠲᠤ ᠬᠥᠭᠵᠢᠮ᠎ᠤᠨ ᠤᠯᠤᠰ》 ᠬᠡᠮᠡᠭᠳᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠢ ᠬᠥᠮᠥᠰ᠎ᠤᠨ ᠣᠢ᠌ᠯᠠᠭ᠋ᠠᠯᠲᠠ ᠤᠯᠠᠮ ᠵᠶ᠋ᠠᠷ ᠭᠦᠨᠵᠡᠭᠡᠢ᠌ᠷᠡᠬᠦ ᠵᠢ ᠳᠠᠭ᠋ᠠᠯᠳᠤᠨ᠂ ᠠᠷᠠᠳ᠎ᠤᠨ ᠬᠥᠭᠵᠢᠮ᠎ᠨᠢ ᠤᠯᠠᠮ ᠵᠶ᠋ᠠᠷ ᠬᠥᠮᠥᠰ᠎ᠤᠨ ᠰᠣᠶᠣᠯ᠎ᠤᠨ ᠠᠮᠢᠳᠤᠷᠠᠯ᠎ᠳᠤ ᠣᠯᠠᠨ ᠢᠯᠡᠷᠡᠵᠦ᠂ ᠠᠷᠠᠳ ᠣᠯᠠᠨ᠎ᠤ ᠳᠤᠷ᠎ᠠ ᠪᠠᠬ᠎ᠠ ᠵᠢ ᠶᠡᠬᠡᠳᠡ ᠲᠠᠲᠠᠵᠤ ᠪᠠᠢ᠌ᠨ᠎ᠠ᠃
      ᠣᠢ᠌ᠷ᠎ᠠ ᠵᠢᠨ ᠵᠢᠯ᠎ᠠᠴᠠ᠂ ᠤᠯᠠᠭ᠋ᠠᠨᠬᠠᠳᠠ ᠬᠤᠳᠠ ᠵᠢᠨ ᠤᠷᠠᠯᠢᠭ ᠵᠦᠴᠦᠭᠡ ᠵᠢᠨ ᠬᠦᠷᠢᠶᠡᠯᠡᠩ (ᠤᠯᠠᠭ᠋ᠠᠨᠬᠠᠳᠠ ᠬᠤᠳᠠ ᠵᠢᠨ ᠤᠯᠠᠭ᠋ᠠᠨᠮᠥ᠋ᠴᠢᠷ) ᠰᠢᠨ᠎ᠡ ᠵᠢ ᠡᠭᠦᠳᠬᠦ ᠬᠥᠭᠵᠢᠯᠲᠡ ᠵᠢ ᠴᠢᠬᠤᠯᠠᠴᠢᠯᠠᠵᠤ᠂ ᠰᠢᠯᠢᠳᠡᠭ   ᠤᠯᠠᠮᠵᠢᠯᠠᠯᠲᠤ ᠰᠤᠶᠤᠯ᠎ᠳᠤ᠎ᠪᠠᠨ ᠰᠠᠭᠤᠷᠢᠯᠠᠵᠤ᠂ ᠠᠷᠠᠳ᠎ᠤᠨ ᠬᠥᠭᠵᠢᠮ᠎ᠤᠨ 《ᠲᠥᠪ ᠳᠠᠭᠤᠤ》 ᠵᠢ ᠬᠠᠩᠭᠢᠨᠠᠭᠤᠯᠵᠤ᠂ ᠠᠷᠠᠳ᠎ᠤᠨ ᠬᠥᠭᠵᠢᠮ᠎ᠤᠨ ᠵᠣᠬᠢᠶᠠᠨ ᠪᠦᠲᠦᠭᠡᠯᠭᠡ᠂ ᠲᠣᠭᠯᠠᠯᠲᠠ᠂ ᠳᠠᠮᠵᠢᠭᠤᠯᠭ᠎ᠠ ᠵᠢᠨ ᠲᠠᠯ᠎ᠠ᠎ᠪᠠᠷ ᠴᠣ᠌ ᠰᠢᠨ᠎ᠡ ᠴᠠᠭ ᠦᠶ᠎ᠡ ᠵᠢᠨ ᠠᠭᠤᠷ ᠠᠮᠢᠰᠬᠤᠯ᠎ᠢ ᠢᠯᠡᠷᠡᠭᠦᠯᠦᠭᠰᠡᠨ ᠪᠠᠢ᠌ᠨ᠎ᠠ᠃ ᠵᠥᠪᠬᠡᠨ 2022 ᠣᠨ᠎ᠳᠤ᠂ ᠰᠢᠨ᠎ᠡ᠎ᠪᠠᠷ ᠵᠣᠬᠢᠶᠠᠨ ᠪᠦᠲᠦᠭᠡᠭᠰᠡᠨ ᠰᠢᠯᠢᠳᠡᠭ ᠠᠷᠠᠳ᠎ᠤᠨ ᠬᠥᠭᠵᠢᠮ᠎ᠤᠨ ᠪᠦᠲᠦᠭᠡᠯ᠎ᠢ ᠵᠢᠷᠭᠤᠭ᠋ᠠᠨ ᠪᠠᠳᠠᠭ ᠪᠡᠶᠡᠯᠡᠭᠦᠯᠵᠦ᠂ ᠰᠢᠨ᠎ᠡ ᠴᠠᠭ ᠦᠶ᠎ᠡ ᠵᠢᠨ ᠤᠯᠠᠭ᠋ᠠᠨᠬᠠᠳᠠ ᠬᠤᠲᠠ ᠵᠢᠨ ᠠᠷᠠᠳ᠎ᠤᠨ ᠬᠥᠭᠵᠢᠮ᠎ᠤᠨ ᠦᠢ᠍ᠯᠡᠰ᠎ᠤᠨ ᠬᠥᠭᠵᠢᠯ ᠴᠡᠴᠡᠭᠯᠡᠯ᠎ᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠲᠡᠨ᠎ᠤ ᠳᠠᠭᠤᠤ ᠬᠥᠭᠵᠢᠮ᠎ᠤᠨ 《ᠳᠤᠮᠳᠠᠳᠤ ᠤᠯᠤᠰ᠎ᠤᠨ ᠰᠤᠲᠤᠨ ᠲᠠᠭᠤᠨ》᠎ᠢ ᠴᠢᠷᠮᠠᠢ᠌ᠨ ᠬᠠᠩᠭᠢᠨᠠᠭᠤᠯᠤᠭᠰᠠᠨ ᠪᠠᠢ᠌ᠨ᠎ᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ 《ᠬᠠᠷᠠᠴᠢᠨ ᠬᠣᠰᠢᠭᠤᠨ᠎ᠤ ᠬᠤᠪᠢᠰᠬᠠᠯ᠎ᠢ ᠪᠡᠶᠡᠴᠢᠯᠡᠨ ᠣᠢ᠌ᠯᠠᠭ᠋ᠠᠬᠤ ᠵᠢᠭᠤᠯᠴᠢᠯᠠᠯ》᠎ᠨᠢ 《ᠬᠥᠳᠡᠭᠡ ᠲᠣᠰᠬᠣᠨ ᠪᠣᠯ ᠮᠦᠽᠧᠢ ᠮᠥᠨ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠳᠤ ᠰᠣᠩᠭᠣᠭᠳᠠᠪᠠ
ᠬᠢᠩᠭ᠋ᠠᠨ ᠠᠢ᠌ᠮᠠᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ ᠤᠯᠠᠭ᠋ᠠᠨᠮᠥ᠋ᠴᠢᠷ᠎ᠤᠨ ᠣᠷᠳᠣᠨ᠎ᠳᠤ ᠶᠠᠪᠤᠭᠳᠠᠪᠠ
ᠡᠷᠢᠶᠡᠨ ᠬᠣᠲᠠ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠰᠢᠨ᠎ᠡ ᠬᠡᠯᠪᠡᠷᠢ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠲᠦᠩᠯᠢᠶᠣᠣ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠴᠦᠩᠴᠢᠩ᠎ᠳᠤ ᠬᠦᠷᠴᠦ ᠳᠤᠮᠳᠠᠳᠤ ᠤᠯᠤᠰ (ᠲᠦᠩᠯᠢᠶᠣᠣ)᠎ᠤᠨ ᠣᠨᠴᠠᠯᠢᠭᠲᠤ ᠠᠵᠤ ᠦᠢ᠍ᠯᠡᠰ ᠵᠢᠴᠢ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠵᠢ ᠲᠠᠨᠢᠯᠴᠠᠭᠤᠯᠬᠤ ᠬᠤᠷᠠᠯ᠎ᠳᠤ ᠣᠷᠣᠯᠴᠠᠭᠰᠠᠨ ᠪᠥᠭᠡᠳ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠲᠠᠢ ᠭᠦᠨᠵᠡᠭᠡᠢ ᠵᠥᠪᠳᠡᠯᠴᠡᠪᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠠᠢ᠌ᠮᠠᠭ᠎ᠤᠨ ᠤᠯᠠᠭ᠋ᠠᠨᠮᠥ᠋ᠴᠢᠷ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
 
            