7 ᠳ᠋ᠤᠭ᠋ᠠᠷ ᠰᠠᠷ᠎ᠠ ᠵᠢᠨ 24᠎ᠤ ᠡᠳᠦᠷ᠂ ᠲᠦᠩᠯᠢᠶᠣᠣ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠭᠣᠣᠯᠯᠠᠨ ᠡᠷᠭᠢᠯᠡᠵᠦ᠂ ᠲᠦᠩᠯᠢᠶᠣᠣ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠴᠦᠩᠴᠢᠩ ᠬᠣᠲᠠ ᠵᠢᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠡᠪᠯᠡᠯ ᠳᠠᠭ᠋ᠠᠭ᠋ᠠᠴᠢᠯᠠᠨ ᠡᠷᠭᠢᠯᠡᠭᠰᠡᠨ ᠳᠤᠮᠳᠠᠳᠤ ᠤᠯᠤᠰ (ᠲᠦᠩᠯᠢᠶᠣᠣ)᠎ᠤᠨ ᠣᠨᠴᠠᠯᠢᠭᠲᠤ ᠠᠵᠤ ᠦᠢ᠍ᠯᠡᠰ ᠵᠢᠴᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠲᠠᠨᠢᠯᠴᠠᠭᠤᠯᠬᠤ ᠬᠤᠷᠠᠯ ᠴᠦᠩᠴᠢᠩ ᠬᠣᠲᠠ᠎ᠳᠤ ᠬᠤᠷᠠᠯᠳᠤᠪᠠ᠃ ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ᠂ ᠲᠦᠩᠯᠢᠶᠣᠣ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ ᠤ ᠳᠡᠳ᠋ ᠳᠠᠷᠤᠭ᠎ᠠ ᠴᠧᠨ ᠰᠢᠩ ᠵᠢᠦᠢ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠲᠠᠨᠢᠯᠴᠠᠭᠤᠯᠵᠤ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠬᠢᠪᠡ᠃
ᠴᠧᠨ ᠰᠢᠩ ᠵᠢᠦᠢ ᠲᠣᠰ ᠲᠣᠰ ᠴᠦᠩᠴᠢᠩ᠎ᠤᠨ ᠲᠢᠶᠠᠨ ᡁᠢ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠨᠡᠭᠦᠷᠡᠰᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠦᠩᠴᠢᠩ᠎ᠤᠨ ᠵᠢᠷᠤᠭ ᠲᠥᠯᠥᠪᠯᠡᠭᠡᠨ᠎ᠤ ᠬᠦᠷᠢᠶᠡᠯᠡᠩ᠂ ᠴᠦᠩᠴᠢᠩ᠎ᠤᠨ ᠣᠯᠠᠨ ᠤᠯᠤᠰ᠎ᠤᠨ ᠪᠡᠯᠡ ᠣᠷᠣᠭᠤᠯᠤᠯᠲᠠ ᠵᠢᠨ ᠵᠥᠪᠯᠡᠯᠭᠡ ᠥᠭᠬᠦ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠴᠦᠩᠴᠢᠩ᠎ᠤᠨ ᠴᠢᠶᠠᠨ ᠯᠢ ᠶᠦᠨ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠪᠣᠯᠣᠨ ᠴᠦᠩᠴᠢᠩ᠎ᠤᠨ ᠹᠧᠢ ᠶᠠᠩ ᠵᠠᠭᠤᠴᠢᠯᠠᠭᠤᠷ᠎ᠤᠨ ᠺᠣᠮᠫᠠᠨᠢ ᠵᠢᠨ ᠬᠠᠷᠢᠭᠤᠴᠠᠯᠭ᠋ᠠᠲᠠᠨ᠎ᠲᠠᠢ ᠵᠤᠯᠭ᠋ᠠᠯᠴᠠᠵᠤ ᠰᠠᠨᠠᠯ ᠵᠶ᠋ᠠᠨ ᠰᠤᠯᠢᠯᠴᠠᠨ᠂ ᠠᠵᠤ ᠠᠬᠤᠢ᠌ᠯᠠᠯ ᠤᠨ ᠲᠦᠩᠯᠢᠶᠣᠣ ᠬᠤᠳᠠ᠎ᠳᠤ ᠬᠦᠷᠴᠦ ᠪᠣᠳᠠᠲᠠᠢ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠵᠢ ᠤᠷᠢᠪᠠ᠃