7 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 29᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ᠂ ᠳ᠋ᠣᠺᠲ᠋ᠣᠷᠠᠨᠲ᠎ᠤᠨ ᠵᠢᠯᠣᠭᠣᠳᠤᠭᠴᠢ ᠪᠠᠭᠰᠢ ᠶᠤᠸᠠᠨ ᠯᠢ ᠨᠠᠷ ᠬᠢᠩᠭ᠋ᠠᠨ ᠠᠢ᠌ᠮᠠᠭ᠎ᠲᠤ ᠭᠦᠨᠵᠡᠭᠡᠢ᠌ᠷᠡᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠬᠥᠭᠵᠢᠭᠦᠯᠬᠦ ᠲᠤᠬᠠᠢ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠬᠢᠪᠡ᠃
ᠶᠤᠸᠠᠨ ᠯᠢ ᠨᠠᠷ ᠤᠷᠢᠳ ᠬᠣᠵᠢᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠷᠠᠰᠢᠶᠠᠨ ᠬᠣᠲᠠ᠎ᠳᠤ ᠬᠦᠷᠴᠦ ᠮᠠᠯᠵᠢᠬᠤ ᠡᠷᠦᠬᠡ᠂ ᠦᠢ᠍ᠯᠡᠳᠬᠡᠯ᠎ᠤᠨ ᠭᠠᠵᠠᠷ᠂ ᠠᠵᠢᠯᠯᠠᠬᠤ ᠲᠠᠰᠤᠭ᠎ᠲᠤ ᠭᠦᠨᠵᠡᠭᠡᠢ᠌ᠷᠡᠨ ᠲᠤᠬᠠᠢ ᠵᠢᠨ ᠭᠠᠵᠠᠷ᠎ᠤᠨ ᠣᠨᠴᠠᠯᠢᠭᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠢ ᠰᠢᠨᠵᠢᠯᠡᠨ ᠪᠠᠢ᠌ᠴᠠᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ᠎ᠲᠠᠢ ᠰᠠᠨᠠᠯ ᠵᠶ᠋ᠠᠨ ᠰᠣᠯᠢᠯᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠂ ᠤᠯᠠᠮᠵᠢᠯᠠᠯ ᠪᠠ ᠬᠥᠭᠵᠢᠯᠲᠡ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃
ᠶᠤᠸᠠᠨ ᠯᠢ᠂ ᠪᠣᠳᠠᠰ᠎ᠤᠨ ᠪᠤᠰᠤ ᠰᠣᠶᠣᠯ᠎ᠤᠨ ᠥᠪ᠎ᠨᠢ ᠨᠢᠭᠡ ᠤᠯᠤᠰ᠂ ᠨᠢᠭᠡ ᠭᠠᠵᠠᠷ ᠣᠷᠣᠨ᠎ᠤ ᠨᠡᠢ᠌ᠲᠡᠯᠢᠭ ᠴᠢᠨᠠᠷᠲᠠᠢ ᠭᠠᠵᠠᠷ ᠣᠷᠣᠨ᠎ᠤ ᠪᠡᠯᠭᠡ ᠲᠡᠮᠳᠡᠭ᠎ᠤᠨ ᠴᠢᠨᠠᠷᠲᠠᠢ ᠰᠣᠶᠣᠯ ᠪᠠ ᠬᠠᠮᠤᠭ᠎ᠤᠨ ᠥᠨᠳᠥᠷ ᠤᠷᠠᠯᠢᠭ᠎ᠤᠨ ᠬᠢᠷᠢ ᠲᠦᠪᠰᠢᠨ᠎ᠢ ᠲᠥᠯᠥᠭᠡᠯᠡᠵᠦ ᠪᠣᠯᠣᠨ᠎ᠠ᠂ ᠬᠢᠩᠭ᠋ᠠᠨ ᠠᠢ᠌ᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ ᠡᠯᠪᠡᠭ ᠪᠠᠶᠠᠯᠢᠭ᠂ ᠥᠪᠡᠷᠮᠢᠴᠡ ᠣᠨᠴᠠᠯᠢᠭ ᠪᠦᠬᠦᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠲᠠᠢ ᠪᠣᠯᠬᠣᠷ ᠪᠢᠳᠡ ᠡᠪᠦᠭᠡ ᠳᠡᠭᠡᠳᠦᠰ᠎ᠤᠨ ᠵᠶ᠋ᠡᠨ ᠦᠯᠡᠳᠡᠭᠡᠭᠰᠡᠨ ᠬᠣᠪᠣᠷ ᠨᠠᠨᠳᠢᠨ ᠰᠣᠶᠣᠯ᠎ᠤᠨ ᠥᠪ᠎ᠢ ᠰᠠᠢ᠌ᠲᠤᠷ ᠬᠠᠮᠠᠭ᠋ᠠᠯᠠᠵᠤ᠂ ᠤᠯᠠᠮᠵᠢᠯᠠᠯᠲᠤ ᠰᠣᠶᠣᠯ᠎ᠢ ᠰᠠᠢ᠌ᠲᠤᠷ ᠬᠠᠮᠠᠭ᠋ᠠᠯᠠᠬᠤ ᠬᠡᠷᠡᠭᠲᠡᠢ᠂ ᠰᠣᠬᠣᠷ ᠪᠠᠯᠠᠢ᠎ᠪᠠᠷ ᠰᠢᠨ᠎ᠡ ᠵᠢ ᠡᠭᠦᠳᠴᠦ ᠪᠣᠯᠬᠤ ᠦᠭᠡᠢ᠂ ᠵᠠᠪᠠᠯ ᠬᠠᠭᠤᠴᠢᠨ ᠤᠷ᠎ᠠ ᠮᠡᠷᠭᠡᠵᠢᠯ ᠵᠶ᠋ᠡᠨ ᠰᠠᠢ᠌ᠲᠤᠷ ᠬᠠᠳᠠᠭ᠋ᠠᠯᠠᠭᠰᠠᠨ ᠰᠠᠭᠤᠷᠢᠨ ᠳᠡᠭᠡᠷ᠎ᠡ ᠰᠡᠳᠬᠢᠬᠦᠢ᠎ᠪᠠᠨ ᠨᠡᠭᠡᠭᠡᠨ ᠬᠥᠭᠵᠢᠭᠦᠯᠵᠦ᠂ ᠰᠢᠨ᠎ᠡ ᠵᠢ ᠡᠭᠦᠳᠦᠨ ᠬᠥᠭᠵᠢᠭᠦᠯᠵᠦ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠳᠤ ᠰᠣᠶᠣᠯ᠎ᠢ ᠢᠯᠡᠷᠡᠭᠦᠯᠵᠦ᠂ ᠰᠣᠶᠣᠯ᠎ᠤᠨ ᠨᠡᠮᠡᠯᠲᠡ ᠦᠷᠳᠡᠭ᠎ᠢ ᠣᠯᠭᠣᠬᠤ ᠬᠡᠷᠡᠭᠲᠡᠢ᠃ ᠡᠭᠦᠨ᠎ᠤ ᠬᠠᠮᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠯᠢᠭᠡᠷ᠎ᠢ ᠰᠠᠢ᠌ᠲᠤᠷ ᠶᠠᠷᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠭᠤᠨ᠎ᠢ ᠳᠠᠮᠵᠢᠭᠤᠯᠵᠤ᠂ ᠨᠡᠩ ᠤᠯᠠᠨ ᠬᠥᠮᠥᠰ᠎ᠲᠤ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠲᠠᠮᠵᠢᠨ ᠬᠢᠩᠭ᠋ᠠᠨ ᠠᠢ᠌ᠮᠠᠭ᠎ᠢ ᠣᠢ᠌ᠯᠠᠭ᠋ᠠᠭᠤᠯᠵᠤ᠂ ᠬᠢᠩᠭ᠋ᠠᠨ ᠠᠢ᠌ᠮᠠᠭ᠎ᠢ ᠬᠠᠢ᠌ᠷᠠᠯᠠᠭᠤᠯᠬᠤ ᠬᠡᠷᠡᠭᠲᠠᠢ ᠭᠡᠵᠦ ᠵᠢᠭ᠋ᠠᠵᠤ ᠭᠠᠷᠭ᠋ᠠᠪᠠ᠃
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠴᠢ ᠬᠣᠰᠢᠭᠤ ᠰᠢᠶᠠᠨ ᠬᠣᠲᠠ ᠵᠢᠨ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠪᠡ᠃