ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ ᠤᠯᠠᠭ᠋ᠠᠨᠮᠥ᠋ᠴᠢᠷ᠎ᠤᠨ ᠣᠷᠳᠣᠨ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2022-08-03

     7 ᠳ᠋ᠤᠭ᠋ᠠᠷ ᠰᠠᠷ᠎ᠠ ᠵᠢᠨ 29᠎ᠤ ᠡᠳᠦᠷ᠂ ᠬᠢᠩᠭ᠋ᠠᠨ ᠠᠢ᠌ᠮᠠᠭ᠎ᠤᠨ ᠨᠠᠮ᠎ᠤᠨ   ᠬᠤᠷᠢᠶᠠᠨ ᠎ᠤ ᠤᠬᠠᠭᠤᠯᠬᠤ ᠬᠡᠯᠲᠡᠰ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠤᠯᠠᠭ᠋ᠠᠨᠮᠥ᠋ᠴᠢᠷ ᠎ᠤᠨ ᠤᠷᠳᠤᠨ ᠎ᠳᠤ ᠬᠢᠩᠭ᠋ᠠᠨ ᠠᠢ᠌ᠮᠠᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠢ ᠬᠠᠮᠲᠤᠷᠠᠨ ᠡᠷᠭᠢᠯᠡᠪᠡ᠃
      ᠰᠢᠯᠭ᠋ᠠᠷᠠᠭᠤᠯᠤᠯᠲᠠ᠎ᠪᠠᠷ ᠳᠡᠮᠵᠢᠨ᠂ ᠬᠢᠩᠭ᠋ᠠᠨ ᠠᠢ᠌ᠮᠠᠭ᠎ᠤᠨ ᠨᠠᠮ᠎ᠤᠨ   ᠬᠤᠷᠢᠶᠠᠨ ᠎ᠤ ᠨᠠᠮ᠎ᠤᠨ ᠰᠤᠷᠭ᠋ᠠᠭᠤᠯᠢ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠠᠢ᠌ᠮᠠᠭ᠎ᠤᠨ ᠰᠢᠭᠤᠳ ᠬᠠᠷᠢᠶ᠎ᠠ ᠰᠣᠶᠣᠯ ᠦᠵᠡᠰᠬᠦᠯᠡᠩ᠎ᠤᠨ ᠲᠠᠯᠠᠪᠠᠶ ᠣᠷᠳᠣᠨ ᠵᠢᠴᠢ ᠤᠯᠠᠭ᠋ᠠᠨᠬᠣᠲᠠ᠂ ᠵᠠᠯᠠᠢ᠌ᠳ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠲᠦᠴᠢᠦᠸᠠᠨ ᠰᠢᠶᠠᠨ᠎ᠤ 17 ᠲᠠᠢ᠌ᠯᠪᠤᠷᠢᠯᠠᠭᠴᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠵᠠᠢ᠃ ᠬᠤᠷᠴᠠ ᠰᠢᠷᠦᠭᠦᠨ ᠥᠷᠢᠰᠦᠯᠳᠦᠭᠡᠨ ᠵᠶ᠋ᠡᠷ ᠳᠠᠮᠵᠢᠨ᠂ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠤ ᠵᠦ᠍ ᠶᠠᠨ᠎ᠨᠢ ᠲᠤᠰ   ᠤᠳᠠᠭ᠋ᠠᠨ᠎ᠤ ᠤᠷᠤᠯᠳᠤᠭ᠋ᠠᠨ᠎ᠳᠤ   ᠮᠠᠢ᠌ᠯᠠᠢ᠌ᠯᠠᠪᠠ᠃ ᠤᠷᠤᠯᠳᠤᠭ᠋ᠠᠨ᠎ᠳᠤ ᠪᠠᠰᠠ 2   ᠬᠣᠶᠠᠳᠤᠭ᠋ᠠᠷ ᠳᠡᠰ᠎ᠤᠨ ᠱᠠᠩᠨᠠᠯ  ᠂  3   ᠭᠤᠷᠪᠠᠳᠤᠭ᠋ᠠᠷ ᠳᠡᠰ᠎ᠤᠨ ᠱᠠᠩᠨᠠᠯ  ᠂ 11   ᠰᠢᠯᠢᠳᠡᠭ ᠱᠠᠩᠨᠠᠯ ᠎ᠢ ᠲᠤᠰ ᠲᠤᠰ ᠰᠣᠩᠭᠣᠨ ᠭᠠᠷᠭ᠋ᠠᠭᠰᠠᠨ ᠪᠥᠭᠡᠳ ᠲᠦᠷᠦᠭᠦᠦ ᠭᠤᠷᠪᠠ᠎ᠳᠤ ᠣᠷᠣᠭᠰᠠᠨ ᠲᠠᠢ᠌ᠯᠪᠤᠷᠢᠯᠠᠭᠴᠢ᠎ᠳᠤ ᠬᠢᠩᠭ᠋ᠠᠨ ᠠᠢ᠌ᠮᠠᠭ᠎ᠤᠨ ᠠᠯᠲᠠᠨ   ᠮᠸᠲᠡᠯᠲᠦ ᠲᠠᠢ᠌ᠯᠪᠤᠷᠢᠯᠠᠭᠴᠢ ᠵᠢᠨ ᠢᠷᠠᠭᠤ ᠠᠯᠳᠠᠷ᠎ᠤᠨ ᠴᠣᠯᠠ ᠣᠯᠭᠣᠵᠠᠢ᠃
      ᠣᠢ᠌ᠷ᠎ᠠ ᠵᠢᠨ ᠵᠢᠯ᠎ᠠᠴᠠ᠂ ᠬᠢᠩᠭ᠋ᠠᠨ ᠠᠢ᠌ᠮᠠᠭ᠎ᠤᠨ᠎ᠬᠢᠨ ᠲᠠᠢ᠌ᠯᠪᠤᠷᠢᠯᠠᠭᠴᠢ ᠵᠢ ᠵᠣᠬᠢᠶᠠᠨ   ᠪᠠᠢ᠌ᠭᠤᠯᠵᠤ ᠪᠡᠭᠡᠵᠢᠩ᠂ ᠶᠠᠨ ᠠᠨ ᠵᠡᠷᠭᠡ ᠭᠠᠵᠠᠷ᠎ᠲᠤ ᠣᠴᠢᠭᠤᠯᠵᠤ ᠦᠢ᠍ᠯᠡᠳᠦᠯᠭᠡ ᠵᠢᠨ ᠪᠣᠯᠪᠠᠰᠤᠷᠠᠯ ᠬᠦᠷᠲᠡᠭᠡᠬᠦ ᠂ ᠲᠠᠢ᠌ᠯᠪᠤᠷᠢᠯᠠᠭᠴᠢ ᠵᠢᠨ ᠪᠣᠯᠪᠠᠰᠤᠷᠠᠯ᠎ᠤᠨ ᠠᠩᠭᠢ᠂ ᠪᠦᠬᠦ ᠠᠢ᠌ᠮᠠᠭ᠎ᠤᠨ ᠬᠤᠪᠢᠰᠬᠠᠯᠲᠤ ᠦᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠂ ᠰᠣᠶᠣᠯ ᠦᠵᠡᠰᠬᠦᠯᠡᠩ᠎ᠤᠨ   ᠰᠢᠰᠲᠸᠮ᠎ᠤᠨ ᠮᠠᠷᠺᠰ᠎ᠤᠨ ᠦᠵᠡᠯ᠎ᠤᠨ ᠲᠡᠦᠬᠡ ᠵᠢᠨ ᠦᠵᠡᠯᠲᠡ ᠵᠢᠨ ᠪᠣᠯᠪᠠᠰᠤᠷᠠᠯ ᠵᠡᠷᠭᠡ ᠵᠢ ᠡᠷᠬᠢᠯᠡᠬᠦ᠎ᠪᠠᠷ ᠳᠠᠮᠵᠢᠨ᠂ ᠲᠠᠢ᠌ᠯᠪᠤᠷᠢᠯᠠᠭᠴᠢ ᠵᠢᠨ   ᠡᠩᠨᠡᠭᠡᠨ᠎ᠤ ᠶᠡᠷᠦᠩᠬᠡᠢ ᠬᠡᠪ ᠴᠢᠨᠠᠷ᠎ᠢ ᠶᠡᠬᠡ᠎ᠪᠠᠷ ᠳᠡᠭᠡᠭᠰᠢᠯᠡᠭᠦᠯᠵᠡᠢ᠃ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠤ ᠲᠠᠢ᠌ᠯᠪᠤᠷᠢᠯᠠᠭᠴᠢ ᠯᠢ ᠰᠧ ᠢᠦᠢ᠂ ᠷᠦᠩ ᠰᠢᠤᠸᠠᠢ ᠯᠢᠶᠠᠨ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ   ᠬᠤᠪᠢᠰᠬᠠᠯᠲᠤ ᠦᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠳᠤ ᠣᠷᠣᠯᠴᠠᠵᠤ᠂ ᠲᠤᠰ ᠲᠤᠰ ᠠᠯᠲᠠᠨ   ᠮᠸᠲᠡᠯᠲᠦ ᠲᠠᠢ᠌ᠯᠪᠤᠷᠢᠯᠠᠭᠴᠢ ᠪᠠ ᠰᠢᠯᠢᠳᠡᠭ ᠲᠠᠢ᠌ᠯᠪᠤᠷᠢᠯᠠᠭᠴᠢ ᠵᠢᠨ ᠢᠷᠠᠭᠤ ᠠᠯᠳᠠᠷ᠎ᠤᠨ ᠴᠣᠯᠠ ᠵᠢ ᠭᠥᠷᠳᠡᠭᠰᠡᠨ ᠪᠥᠭᠡᠳ ᠰᠣᠶᠣᠯ ᠪᠠ ᠵᠢᠭᠤᠯᠴᠢᠯᠠᠯ᠎ᠤᠨ ᠶᠠᠮᠤᠨ᠎ᠳᠤ ᠤᠷᠢᠳ ᠬᠣᠵᠢᠳ ᠪᠦᠬᠦ ᠤᠯᠤᠰ᠎ᠤᠨ ᠬᠤᠪᠢᠰᠬᠠᠯ᠎ᠤᠨ   ᠵᠢᠭᠤᠯᠴᠢᠯᠠᠯ᠎ᠤᠨ ᠲᠠᠪᠤᠨ ᠰᠠᠢ᠌ᠨᠲᠠᠢ ᠲᠠᠢ᠌ᠯᠪᠤᠷᠢᠯᠠᠭᠴᠢ ᠵᠢ ᠬᠥᠮᠥᠵᠢᠭᠦᠯᠬᠦ ᠲᠦᠷᠦᠯ ᠵᠦᠢ᠍ᠯ᠎ᠳᠤ ᠵᠢᠭᠰᠠᠭ᠋ᠠᠭᠳᠠᠪᠠ᠃
      ᠳᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠢ᠌ᠮᠠᠭ᠎ᠤᠨ᠎ᠬᠢᠨ ᠬᠤᠪᠢᠰᠬᠠᠯ᠎ᠤᠨ ᠡᠬᠢ ᠪᠠᠶᠠᠯᠢᠭ᠎ᠢ ᠦᠷᠭᠦᠯᠵᠢᠯᠡᠨ ᠠᠭᠤᠳᠠᠯᠵᠤ᠂ ᠲᠠᠢ᠌ᠯᠪᠤᠷᠢᠯᠠᠭᠴᠢ ᠵᠢᠨ ᠡᠩᠨᠡᠭᠡᠨ᠎ᠤ ᠪᠠᠢ᠌ᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠬᠤᠪᠢᠰᠬᠠᠯ᠎ᠤᠨ ᠭ᠋ᠸᠨ᠎ᠢ ᠰᠠᠢ᠌ᠲᠤᠷ ᠤᠯᠠᠮᠵᠢᠯᠠᠵᠤ᠂ ᠬᠢᠩᠭ᠋ᠠᠨ ᠎ᠤ   ᠬᠤᠪᠢᠰᠬᠠᠯᠲᠤ ᠦᠯᠢᠭᠡᠷ᠎ᠢ ᠰᠠᠢ᠌ᠲᠤᠷ ᠶᠠᠷᠢᠵᠤ᠂ ᠬᠤᠪᠢᠰᠬᠠᠯ᠎ᠤᠨ ᠵᠢᠭᠤᠯᠴᠢᠯᠠᠯ ᠎ᠤᠨ ᠬᠥᠭᠵᠢᠯᠲᠡ᠎ᠳᠤ ᠴᠢᠳᠠᠪᠤᠷᠢᠲᠠᠨ᠎ᠤ ᠰᠠᠭᠤᠷᠢ ᠵᠢ ᠪᠠᠲᠤᠳᠬᠠᠨ᠎ᠠ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠡᠷᠢᠶᠡᠨ ᠬᠣᠲᠠ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠰᠢᠨ᠎ᠡ ᠬᠡᠯᠪᠡᠷᠢ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠲᠦᠩᠯᠢᠶᠣᠣ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠴᠦᠩᠴᠢᠩ᠎ᠳᠤ ᠬᠦᠷᠴᠦ ᠳᠤᠮᠳᠠᠳᠤ ᠤᠯᠤᠰ (ᠲᠦᠩᠯᠢᠶᠣᠣ)᠎ᠤᠨ ᠣᠨᠴᠠᠯᠢᠭᠲᠤ ᠠᠵᠤ ᠦᠢ᠍ᠯᠡᠰ ᠵᠢᠴᠢ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠵᠢ ᠲᠠᠨᠢᠯᠴᠠᠭᠤᠯᠬᠤ ᠬᠤᠷᠠᠯ᠎ᠳᠤ ᠣᠷᠣᠯᠴᠠᠭᠰᠠᠨ ᠪᠥᠭᠡᠳ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠲᠠᠢ ᠭᠦᠨᠵᠡᠭᠡᠢ ᠵᠥᠪᠳᠡᠯᠴᠡᠪᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠠᠢ᠌ᠮᠠᠭ᠎ᠤᠨ ᠤᠯᠠᠭ᠋ᠠᠨᠮᠥ᠋ᠴᠢᠷ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ 2022 ᠣᠨ᠎ᠤ ᠬᠣᠯᠠᠨᠳ᠋᠎ᠤᠨ ᠠᠯᠮᠸᠷᠸ ᠵᠢᠨ ᠳᠡᠯᠡᠬᠡᠢ ᠵᠢᠨ ᠴᠡᠴᠡᠷᠯᠢᠭ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠣᠷᠣᠯᠴᠠᠪᠠ
ᠶᠡᠷᠦᠩᠬᠡᠢ ᠤᠰᠤᠨ ᠰᠣᠪᠠᠭ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ ᠠᠩᠬᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠰᠤᠩᠭᠤᠭᠳᠠᠪᠠ
 
            