ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠲᠠᠩ ᠶᠦᠩ ᠬᠥᠬᠡᠬᠣᠲᠠ ᠵᠢᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ ᠵᠢᠨ ᠠᠵᠢᠯ᠎ᠢ ᠬᠢᠨᠠᠨ ᠵᠢᠯᠣᠭᠣᠳᠪᠠ
ᠨᠡᠶᠢᠲᠡᠯᠡᠭᠰᠡᠨ ᠴᠠᠭ᠄ 2022-08-03

     7 ᠳ᠋ᠤᠭ᠋ᠠᠷ ᠰᠠᠷ᠎ᠠ ᠵᠢᠨ 7᠎ᠤ ᠡᠳᠦᠷ᠂ ᠬᠥᠬᠡᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠲᠠᠩ ᠶᠦᠩ ᠬᠥᠬᠡᠬᠣᠲᠠ ᠵᠢᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ ᠵᠢᠨ ᠠᠵᠢᠯ᠎ᠢ ᠬᠢᠨᠠᠨ ᠵᠢᠯᠣᠭᠣᠳᠪᠠ᠃ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠬᠠᠮᠢᠶ᠎ᠠ ᠪᠦᠬᠦᠢ ᠬᠥᠮᠦᠰ ᠬᠢᠨᠠᠨ ᠵᠢᠯᠣᠭᠣᠳᠬᠤ᠎ᠳᠤ ᠣᠷᠤᠯᠴᠠᠵᠠᠢ᠃
      ᠲᠠᠩ ᠶᠦᠩ ᠨᠠᠷ ᠤᠷᠢᠳ ᠬᠣᠵᠢᠳ ᠴᠢᠩ· ᠬᠣᠱ᠌ᠣᠶ ᠬᠢᠴᠢᠶᠡᠩᠭᠦᠢ ᠠᠮᠤᠷ ᠭᠦᠩᠵᠦ ᠵᠢᠨ ᠣᠷᠳᠣᠨ᠂ ᠥᠪᠥᠷ ᠮᠣᠩᠭᠣᠯ᠎ᠤᠨ ᠺᠢᠨᠣ᠋ ᠵᠢᠨ ᠮᠦᠽᠧᠶ᠂ ᠢᠯᠢ ᠵᠢᠨ ᠲᠠᠯ᠎ᠠ ᠨᠤᠲᠤᠭ᠎ᠤᠨ ᠰᠦ ᠵᠢᠨ ᠰᠣᠶᠣᠯ᠎ᠤᠨ ᠮᠦᠽᠧᠶ᠂ ᠵᠣᠣ ᠵᠢᠶᠦ᠋ᠨ᠎ᠤ ᠮᠦᠽᠧᠶ᠂ ᠲᠠᠪᠤᠨ ᠰᠤᠪᠤᠷᠭ᠋ᠠᠲᠤ ᠰᠦᠮ᠎ᠡ ᠵᠢᠨ ᠮᠦᠽᠧᠶ᠂ ᠥᠪᠥᠷ ᠮᠣᠩᠭᠣᠯ᠎ᠤᠨ ᠪᠠᠶ ᠱ᠌ᠢ ᠵᠧᠨ ᠢ ᠤᠯᠠᠭ᠋ᠠᠨ ᠮᠣᠳᠣᠨ᠎ᠤ ᠤᠷᠠᠯᠢᠭ᠎ᠤᠨ ᠮᠦᠽᠧᠶ᠂ ᠥᠪᠥᠷ ᠮᠣᠩᠭᠣᠯ᠎ᠤᠨ ᠰᠡᠴᠡᠨᠳᠠᠨ᠎ᠠ ᠤᠷᠠᠯᠢᠭ᠎ᠤᠨ ᠮᠦᠽᠧᠶ ᠵᠢ ᠲᠣᠭᠣᠷᠢᠨ ᠦᠵᠡᠵᠡᠭᠡᠪᠡ᠃ ᠲᠠᠩ ᠶᠦᠩ ᠡᠯ᠎ᠡ ᠮᠦᠽᠧᠢ᠎ᠳᠤ ᠳᠡᠯᠭᠡᠨ ᠦᠵᠡᠭᠦᠯᠦᠭᠡᠰᠦᠲᠡᠢ ᠵᠢᠷᠤᠭ ᠲᠥᠯᠥᠪᠯᠡᠭᠡ ᠵᠢᠨ ᠣᠶ᠋ᠢᠯᠠᠭ᠋ᠠᠭᠳᠠᠬᠤᠨ᠂ ᠬᠡᠪᠯᠡᠯ᠎ᠤᠨ ᠨᠢᠭᠤᠷ᠎ᠤᠨ ᠠᠭᠤᠯᠭ᠎ᠠ ᠵᠢ ᠨᠠᠷᠢᠨ ᠣᠶ᠋ᠢᠯᠠᠭ᠋ᠠᠵᠤ᠂ ᠬᠦᠷᠦᠭᠰᠡᠨ ᠭᠠᠵᠠᠷ ᠪᠣᠯᠭ᠋ᠠᠨ᠎ᠳᠤ ᠲᠦᠳᠡᠵᠦ ᠦᠵᠡᠨ᠂ ᠲᠠᠶ᠋ᠢᠯᠪᠤᠷᠢᠯᠠᠭᠴᠢ ᠵᠢᠨ ᠲᠠᠨᠢᠯᠴᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠬᠤ ᠵᠢᠨ ᠬᠠᠮᠲᠤ ᠮᠦᠽᠧᠢ᠎ᠳᠤ ᠳᠡᠯᠭᠡᠭᠡᠰᠦᠲᠡᠢ ᠦᠵᠡᠰᠬᠦᠯᠡᠩ᠎ᠤᠨ ᠬᠠᠮᠢᠶᠠᠲᠠᠢ ᠵᠦᠢ᠍ᠯᠡᠰ᠎ᠢ ᠲᠤᠬᠠᠢ ᠵᠢᠨ ᠲᠠᠯᠠᠪᠠᠢ᠎ᠳᠤ ᠪᠠᠶ᠋ᠢᠭ᠎ᠠ ᠬᠥᠮᠦᠰ᠎ᠲᠠᠢ ᠭᠦᠨᠵᠡᠭᠡᠢ ᠰᠤᠳᠤᠯᠤᠨ ᠶᠠᠷᠢᠯᠴᠠᠪᠠ᠃
      ᠲᠠᠩ ᠶᠦᠩ ᠴᠢᠬᠤᠯᠠᠴᠢᠯᠠᠭᠰᠠᠨ᠎ᠨᠢ᠂ ᠡᠯ᠎ᠡ ᠮᠦᠽᠧᠢ ᠵᠢᠨ ᠠᠵᠢᠯ ᠴᠦᠮ ᠰᠢᠨ᠎ᠡ ᠡᠭᠦᠳᠦᠯᠲᠡ᠎ᠲᠠᠢ᠂ ᠣᠨᠴᠠᠯᠢᠭ᠎ᠲᠠᠢ᠂ ᠬᠢᠯᠠᠰ ᠴᠡᠭ᠎ᠲᠠᠢ᠂ ᠦᠷ᠎ᠡ ᠪᠦᠲᠦᠮᠵᠢ᠎ᠲᠠᠢ ᠪᠠᠢ᠌ᠨ᠎ᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠣᠣᠯ ᠱᠤᠭᠤᠮ᠎ᠢ ᠰᠠᠢ᠌ᠲᠤᠷ ᠴᠢᠩᠭ᠎ᠠ ᠪᠠᠷᠢᠮᠲᠠᠯᠠᠨ᠂ ᠲᠡᠦᠬᠡ ᠵᠢᠨ ᠦᠯᠢᠭᠡᠷ᠎ᠢ ᠰᠠᠶ᠋ᠢᠲᠤᠷ ᠶᠠᠷᠢᠵᠤ᠂ ᠮᠦᠽᠧᠢ ᠵᠢᠨ ᠰᠤᠷᠭ᠋ᠠᠨ ᠬᠥᠮᠦᠵᠢᠯ᠎ᠤᠨ ᠤᠯᠠᠨ ᠶᠠᠩᠵᠤᠴᠢᠯᠠᠭᠰᠠᠨ ᠣᠨᠴᠠᠯᠢᠭᠲᠤ ᠬᠥᠭᠵᠢᠯᠲᠡ ᠵᠢ ᠰᠠᠶ᠋ᠢᠲᠤᠷ ᠠᠳᠬᠤᠨ᠂ ᠮᠦᠽᠧᠢ ᠵᠢᠨ ᠵᠢᠭᠰᠠᠭ᠋ᠠᠯ᠎ᠤᠨ ᠭᠠᠵᠠᠷ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠨ ᠠᠮᠢᠳᠤᠯᠢᠭ ᠬᠡᠷᠡᠭᠯᠡᠵᠦ᠂ ᠡᠯᠪᠡᠭ ᠪᠠᠶᠠᠯᠢᠭ ᠲᠡᠦᠬᠡ ᠵᠢᠨ ᠠᠭᠤᠯᠤᠭᠳᠠᠬᠤᠨ᠎ᠢ ᠨᠡᠩ ᠰᠠᠶ᠋ᠢᠲᠤᠷ ᠢᠯᠡᠷᠡᠭᠦᠯᠦᠨ᠂ ᠢᠯᠡ ᠲᠣᠳᠣ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠣᠷᠣᠨ᠎ᠤ ᠲᠥᠪ᠎ᠲᠤ ᠬᠦᠴᠦᠨ ᠴᠢᠳᠠᠯ ᠵᠶ᠋ᠠᠨ ᠡᠷᠭᠦᠲᠦᠭᠡᠢ ᠭᠡᠪᠡ᠃

ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠫᠷᠤᠹᠸᠰᠰᠤᠷ ᠶᠤᠸᠠᠨ ᠯᠢ ᠨᠠᠷ ᠬᠢᠩᠭ᠋ᠠᠨ ᠠᠢ᠌ᠮᠠᠭ᠎ᠲᠤ ᠬᠦᠷᠴᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠪᠠᠢ᠌ᠴᠠᠭ᠋ᠠᠨ ᠰᠤᠳᠤᠯᠪᠠ
ᠤᠯᠠᠭ᠋ᠠᠨᠬᠠᠳᠠ ᠵᠢᠨ ᠰᠣᠩᠭᠣᠳᠠᠭ ᠠᠷᠠᠳ᠎ᠤᠨ ᠬᠥᠭᠵᠢᠮ᠎ᠤᠨ ᠠᠶ᠎ᠠ ᠲᠥᠪ ᠲᠧᠯᠸᠢᠰ᠎ᠤᠨ ᠲᠣᠮᠣ ᠲᠠᠪᠴᠠᠩ᠎ᠳᠤ ᠳᠠᠬᠢᠨᠲᠠ ᠭᠠᠷᠪᠠ
ᠤᠯᠠᠭ᠋ᠠᠨᠬᠠᠳᠠ ᠬᠣᠲᠠ ᠵᠢᠨ 《ᠬᠠᠷᠠᠴᠢᠨ ᠬᠣᠰᠢᠭᠤᠨ᠎ᠤ ᠬᠤᠪᠢᠰᠬᠠᠯ᠎ᠢ ᠪᠡᠶᠡᠴᠢᠯᠡᠨ ᠣᠢ᠌ᠯᠠᠭ᠋ᠠᠬᠤ ᠵᠢᠭᠤᠯᠴᠢᠯᠠᠯ》᠎ᠨᠢ 《ᠬᠥᠳᠡᠭᠡ ᠲᠣᠰᠬᠣᠨ ᠪᠣᠯ ᠮᠦᠽᠧᠢ ᠮᠥᠨ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠳᠤ ᠰᠣᠩᠭᠣᠭᠳᠠᠪᠠ
ᠬᠢᠩᠭ᠋ᠠᠨ ᠠᠢ᠌ᠮᠠᠭ᠎ᠤᠨ ᠭᠤᠷᠪᠠᠳᠤᠭ᠋ᠠᠷ ᠬᠤᠭᠤᠴᠠᠭ᠋ᠠᠨ᠎ᠤ ᠬᠤᠪᠢᠰᠬᠠᠯᠲᠤ ᠥᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ ᠤᠯᠠᠭ᠋ᠠᠨᠮᠥ᠋ᠴᠢᠷ᠎ᠤᠨ ᠣᠷᠳᠣᠨ᠎ᠳᠤ ᠶᠠᠪᠤᠭᠳᠠᠪᠠ
ᠡᠷᠢᠶᠡᠨ ᠬᠣᠲᠠ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠰᠢᠨ᠎ᠡ ᠬᠡᠯᠪᠡᠷᠢ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
 
            