ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭ᠋ᠠᠨᠮᠥ᠋ᠴᠢᠷ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ
ᠨᠡᠶᠢᠲᠡᠯᠡᠭᠰᠡᠨ ᠴᠠᠭ᠄ 2025-12-01

ᠣᠢ᠌ᠷ᠎ᠠ᠎ᠳᠤ᠂ ᠲᠥᠪ᠎ᠤᠨ ᠤᠬᠠᠭᠤᠯᠬᠤ ᠬᠡᠯᠲᠡᠰ᠎ᠤᠨ ᠠᠯᠪᠠᠨ ᠲᠢᠩᠬᠢᠮ 2023᠂ 2024 ᠣᠨ᠎ᠤ ᠪᠥᠬᠥ ᠤᠯᠤᠰ᠎ᠤᠨ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ᠎ᠤᠨ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢᠨ ᠰᠢᠯᠢᠳᠡᠭ ᠪᠦᠯᠬᠦᠮ ᠪᠠ ᠦᠢ᠍ᠯᠡᠴᠢᠯᠡᠭᠡᠨ᠎ᠤ ᠵᠢᠱ᠌ᠢᠶᠡᠴᠢ ᠵᠢᠨ ᠨᠡᠷᠡᠰ᠎ᠢ ᠨᠡᠢ᠌ᠲᠡᠯᠡᠪᠡ᠂ ᠡᠭᠦᠨ᠎ᠳᠤ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭ᠋ᠠᠨᠮᠥ᠋ᠴᠢᠷ 2023 ᠣᠨ᠎ᠤ ᠪᠥᠬᠥ ᠤᠯᠤᠰ᠎ᠤᠨ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ᠎ᠤᠨ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢᠨ ᠰᠢᠯᠢᠳᠡᠭ ᠪᠦᠯᠬᠦᠮ᠎ᠤᠨ ᠢᠷᠠᠭᠤ ᠠᠯᠳᠠᠷ᠎ᠢ ᠭᠥᠷᠳᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠪᠦᠯᠬᠦᠮ 2016 ᠣᠨ᠎ᠳᠤ ᠪᠠᠢ᠌ᠭᠤᠯᠤᠭᠳᠠᠵᠤ᠂ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ᠎ᠤ ᠳᠤᠮᠳᠠ ᠭᠦᠨᠵᠡᠭᠡᠢ᠌ᠷᠡᠵᠦ᠂ 《ᠤᠳᠬ᠎ᠠ ᠤᠷᠠᠯᠢᠭ ᠎ᠢ ᠬᠦᠷᠭᠡᠵᠦ᠂ ᠲᠥᠷᠥ ᠵᠢᠨ ᠪᠣᠳᠣᠯᠭ᠎ᠠ ᠵᠢ ᠬᠦᠷᠭᠡᠵᠦ᠂ ᠦᠢ᠍ᠯᠡᠴᠢᠯᠡᠭᠡ ᠵᠢ ᠬᠦᠷᠭᠡᠵᠦ》᠂ ᠬᠠᠮᠤᠭ᠎ᠤᠨ ᠭᠣᠶᠣ ᠤᠷᠠᠯᠢᠭ᠎ᠢ ᠭᠡᠷ᠎ᠤᠨ ᠡᠭᠦᠳᠡᠨ᠎ᠳᠤ ᠬᠦᠷᠭᠡᠵᠦ᠂ ᠣᠯᠠᠨ ᠲᠦᠮᠡᠨ᠎ᠤ ᠠᠰᠠᠭᠤᠳᠠᠯ ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠨ᠂ ᠠᠷᠠᠳ ᠣᠯᠠᠨ᠎ᠳᠤ ᠦᠨᠡᠨ ᠰᠡᠳᠬᠢᠯ᠎ᠠᠴᠠ᠎ᠪᠠᠨ ᠦᠢ᠍ᠯᠡᠴᠢᠯᠡᠪᠡ᠃

ᠳᠠᠷᠠᠭ᠋ᠠᠴᠢ ᠵᠢᠨ ᠠᠯᠬᠤᠮ ᠎ᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭ᠋ᠠᠨᠮᠥ᠋ᠴᠢᠷ ᠰᠢ᠎ᠵᠢᠨ᠎ᠫᠢᠩ ᠎ᠤᠨ ᠰᠣᠶᠣᠯ ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ ᠎ᠤᠨ 《ᠬᠥᠳᠡᠭᠡ ᠠᠵᠤ ᠠᠬᠤᠢ᠂ ᠬᠥᠳᠡᠭᠡ ᠲᠣᠰᠬᠣᠨ᠂ ᠲᠠᠷᠢᠶᠠᠴᠢᠨ》 ᠎ᠤ ᠠᠵᠢᠯ ᠎ᠤᠨ ᠲᠤᠬᠠᠢ ᠴᠢᠬᠤᠯᠠ ᠥᠭᠦᠯᠡᠯᠲᠡ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠣᠳᠤᠮᠵᠢ ᠪᠣᠯᠭ᠋ᠠᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠪᠠᠷ ᠭᠣᠣᠯ ᠤᠳᠤᠷᠢᠳᠤᠮᠵᠢ ᠪᠣᠯᠭ᠋ᠠᠵᠤ᠂ ᠢᠮᠠᠭᠲᠠ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ᠎ᠳᠤ ᠠᠩᠬᠠᠷᠤᠯ ᠵᠶ᠋ᠠᠨ ᠬᠠᠨᠳᠤᠭᠤᠯᠵᠤ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠮᠠᠯᠴᠢᠨ ᠲᠠᠷᠢᠶᠠᠴᠢᠨ᠎ᠤ ᠣᠶᠤᠨ᠎ᠤ ᠪᠠ ᠰᠣᠶᠣᠯ᠎ᠤᠨ ᠬᠡᠷᠡᠭᠴᠡᠭᠡ᠎ᠳᠤ ᠨᠡᠢ᠌ᠴᠡᠭᠰᠡᠨ ᠨᠠᠩ ᠣᠯᠠᠨ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ ᠵᠢᠨ ᠬᠠᠮᠲᠤ ᠦᠷᠭᠦᠯᠵᠢᠯᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢ ᠪᠠᠢ᠌ᠩᠭᠤᠵᠢᠭᠤᠯᠤᠨ ᠪᠠᠷᠢᠮᠵᠢᠶᠠᠵᠢᠭᠤᠯᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠥᠳᠡᠭᠡ ᠲᠣᠰᠬᠣᠨ᠎ᠤ ᠰᠣᠶᠣᠯ᠎ᠤᠨ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠣᠨ᠎ᠤ ᠬᠥᠭᠵᠢᠯ ᠮᠠᠨᠳᠤᠯ᠎ᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠤᠨ᠎ᠠ!

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            