ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2025 ᠣᠨ᠎ᠤ ᠤᠯᠠᠭ᠋ᠠᠨᠴᠠᠪ᠎ᠤᠨ ᠭᠤᠷᠪᠠᠳᠤᠭ᠋ᠠᠷ ᠬᠤᠭᠤᠴᠠᠭ᠋ᠠᠨ᠎ᠤ 《ᠮᠥᠰᠥ ᠴᠠᠰᠤᠨ᠎ᠤ ᠪᠤᠯᠵᠤᠭ᠎ᠠ》 ᠵᠢᠨ ᠵᠢᠭᠤᠯᠴᠢᠯᠠᠯ᠎ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄ 2025-11-28

11 ᠳ᠋ᠦ᠍ᠭᠡᠷ ᠰᠠᠷ᠎ᠠ ᠵᠢᠨ 22᠎ᠤᠨ ᠡᠳᠦᠷ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ · ᠭᠠᠯᠲᠤ ᠠᠭᠤᠯᠠ ᠠᠪᠠᠷᠢᠨ · ᠴᠠᠨ᠎ᠠ᠎ᠪᠠᠷ ᠭᠤᠯᠭᠤᠬᠤ》 ᠵᠢᠴᠢ 2025 ᠣᠨ᠎ᠤ ᠤᠯᠠᠭ᠋ᠠᠨᠴᠠᠪ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ 《ᠮᠥᠰᠥ ᠴᠠᠰᠤᠨ᠎ᠤ ᠪᠤᠯᠵᠤᠭ᠎ᠠ》 ᠵᠢᠭᠤᠯᠴᠢᠯᠠᠯ᠎ᠤᠨ ᠤᠯᠠᠷᠢᠯ ᠵᠢᠨᠢᠩ ᠲᠣᠭᠣᠷᠢᠭ᠎ᠤᠨ ᠳ᠋ᠠ ᠾᠧ ᠸᠠᠨ᠎ᠤ ᠴᠡᠨᠡᠯᠡᠯᠲᠡ ᠵᠢᠨ ᠲᠠᠯᠠᠪᠠᠶ᠎ᠳᠤ ᠬᠥᠰᠢᠭᠡ᠎ᠪᠠᠨ ᠨᠡᠭᠡᠭᠡᠵᠦ᠂ ᠪᠥᠬᠥ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠵᠢᠭᠤᠯᠴᠢᠯᠠᠭᠴᠢᠳ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠪᠠᠬᠠᠲᠠᠢ ᠬᠥᠮᠥᠰ ᠵᠡᠷᠭᠡ 15000 ᠬᠥᠮᠥᠨ ᠣᠷᠣᠯᠴᠠᠵᠠᠢ᠃ ᠲᠣᠰ ᠬᠤᠭᠤᠴᠠᠭ᠋ᠠᠨ᠎ᠤ ᠵᠢᠭᠤᠯᠴᠢᠯᠠᠯ᠎ᠤᠨ ᠤᠯᠠᠷᠢᠯ᠎ᠳᠤ ᠳ᠋ᠠ ᠾᠧ ᠸᠠᠨ ᠴᠡᠨᠡᠯᠡᠯᠲᠡ ᠵᠢᠨ ᠲᠠᠯᠠᠪᠠᠶ ᠪᠣᠯᠣᠨ ᠤᠯᠠᠭ᠋ᠠᠨᠬᠠᠳᠠ ᠭᠠᠯᠲᠤ ᠠᠭᠤᠯᠠ ᠵᠢᠨ ᠬᠣᠣᠰ ᠲᠠᠯᠠᠪᠠᠶ ᠬᠠᠮᠲᠤᠷᠠᠨ ᠬᠥᠳᠡᠯᠦᠯᠴᠡᠬᠦ ᠵᠠᠭᠪᠤᠷ᠎ᠢ ᠬᠡᠷᠡᠭᠯᠡᠨ᠂ ᠵᠢᠭᠤᠯᠴᠢᠯᠠᠭᠴᠢᠳ᠎ᠲᠤ ᠪᠦᠬᠦᠯᠢ ᠡᠳᠦᠷ᠎ᠤᠨ᠂ ᠣᠯᠠᠨ ᠬᠡᠮᠵᠢᠯᠲᠦ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠦᠪᠡᠳᠡᠭᠰᠢ ᠨᠠᠢ᠌ᠷ ᠵᠤᠬᠢᠶᠠᠨ ᠪᠠᠢ᠌ᠭᠤᠯᠤᠭᠰᠠᠨ ᠪᠠᠢ᠌ᠨ᠎ᠠ᠃

22 ᠎ᠤᠨ ᠣᠷᠣᠢ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠤᠯᠠᠭ᠋ᠠᠨᠬᠠᠳᠠ ᠭᠠᠯᠲᠤ ᠠᠭᠤᠯᠠ ᠵᠢᠨ ᠲᠠᠯᠠᠪᠠᠢ᠎ᠳᠤ 《ᠮᠥᠰᠥ ᠪᠠ ᠭᠠᠯ᠎ᠤᠨ ᠲᠠᠭᠤᠤ — ᠤᠯᠠᠭ᠋ᠠᠨᠬᠠᠳᠠ ᠭᠠᠯᠲᠤ ᠠᠭᠤᠯᠠ ᠵᠢᠨ ᠰᠥᠨᠢ ᠵᠢᠨ ᠵᠢᠭᠤᠯᠴᠢᠯᠠᠭᠴᠢᠳ᠎ᠤᠨ ᠳᠠᠭᠤᠯᠠᠯ》 ᠰᠢᠷᠢᠰ ᠠᠵᠢᠯᠯᠠᠭ᠎ᠠ ᠵᠢ ᠡᠬᠢᠯᠡᠭᠦᠯᠵᠦ᠂ ᠡᠯᠸᠺᠲᠷᠤᠨ ᠬᠦᠭᠵᠢᠮ᠎ᠤᠨ ᠲᠣᠭᠯᠠᠯᠲᠠ᠂ ᠮᠢᠩᠭ᠋ᠠᠨ ᠬᠥᠮᠥᠨ ᠲᠥᠮᠥᠰᠥ ᠰᠢᠷᠠᠬᠤ᠂ ᠲᠣᠮᠣ ᠬᠡᠯᠪᠡᠷᠢ ᠵᠢᠨ ᠬᠤᠸᠠᠷ ᠫᠤᠤᠵᠢᠩ᠎ᠤᠨ ᠦᠵᠡᠭᠦᠯᠭᠡ ᠵᠡᠷᠭᠡ ᠤᠨᠴᠠᠯᠢᠭᠲᠤ ᠠᠵᠢᠯᠯᠠᠭ᠋ᠠᠨ ᠎ᠨᠢ 《ᠮᠥᠰᠥ ᠪᠠ ᠭᠠᠯ》 ᠮᠦᠷᠭᠦᠯᠳᠦᠭᠰᠡᠨ ᠤᠷᠬᠢᠯᠤᠮ᠎ᠠ ᠬᠠᠯᠠᠭᠤᠨ ᠠᠭᠤᠷ ᠠᠮᠢᠰᠬᠤᠯ᠎ᠢ ᠦᠷᠭᠦᠯᠵᠢᠯᠡᠭᠦᠯᠦᠨ᠎ᠡ᠃ ᠲᠣᠰ ᠬᠤᠭᠤᠴᠠᠭ᠋ᠠᠨ᠎ᠤ 《ᠮᠥᠰᠥ ᠴᠠᠰᠤᠨ᠎ᠤ ᠪᠤᠯᠵᠤᠭ᠎ᠠ》 ᠵᠢᠭᠤᠯᠴᠢᠯᠠᠯ᠎ᠤᠨ ᠤᠯᠠᠷᠢᠯ 2026 ᠣᠨ᠎ᠤ 3 ᠳ᠋ᠤᠭ᠋ᠠᠷ ᠰᠠᠷ᠎ᠠ ᠪᠣᠯᠲᠠᠯ᠎ᠠ ᠦᠷᠭᠦᠯᠵᠢᠯᠡᠵᠦ᠂ 97 ᠵᠦᠢ᠍ᠯ᠎ᠤᠨ ᠣᠨᠴᠠᠯᠢᠭᠲᠤ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠬᠦ ᠪᠣᠯᠣᠨ᠎ᠠ᠃

ᠣᠢ᠌ᠷ᠎ᠠ ᠵᠢᠨ ᠵᠢᠯ᠎ᠠᠴᠠ᠂ ᠵᠢᠭᠤᠯᠴᠢᠯᠠᠯ᠎ᠤᠨ ᠦᠢ᠍ᠯᠡᠳᠭᠦᠨ᠎ᠤ ᠬᠠᠩᠭ᠋ᠠᠯᠭ᠎ᠠ ᠵᠢᠨ ᠰᠢᠨ᠎ᠡ ᠵᠢ ᠡᠭᠦᠳᠬᠦ᠂ ᠦᠢ᠍ᠯᠡᠴᠢᠯᠡᠭᠡᠨ᠎ᠤ ᠪᠠᠲᠤᠯᠠᠪᠤᠷᠢ ᠵᠢᠨ ᠰᠢᠰᠲᠸᠮ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠵᠤ᠂ ᠤᠯᠠᠭ᠋ᠠᠨᠴᠠᠪ ᠬᠤᠳᠠ ᠵᠢᠨ᠎ᠬᠢᠨ ᠮᠥᠰᠥ ᠴᠠᠰᠤᠨ᠎ᠤ ᠡᠬᠢ ᠪᠠᠶᠠᠯᠢᠭ᠂ ᠭᠠᠯᠲᠤ ᠠᠭᠤᠯᠠ ᠵᠢᠨ ᠦᠵᠡᠮᠵᠢ᠎ᠪᠠᠷ ᠲᠦᠰᠢᠭ ᠪᠣᠯᠭ᠋ᠠᠵᠤ᠂ ᠵᠢᠭᠤᠯᠴᠢᠯᠠᠭᠴᠢᠳ᠎ᠲᠤ ᠥᠪᠡᠷᠮᠢᠴᠡ ᠣᠨᠴᠠᠯᠢᠭ᠎ᠲᠠᠢ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠣᠢ᠌ᠯᠠᠭ᠋ᠠᠯᠲᠠ ᠵᠢ ᠡᠭᠦᠳᠴᠦ᠂ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠪᠤᠢ᠃

ᠢᠷᠡᠯᠲᠡ᠄ ᠰᠢᠨᠬᠤᠸᠠ ᠰᠦᠯᠵᠢᠶ᠎ᠡ
          
ᠬᠠᠮᠢᠶ᠎ᠡ ᠪᠦᠬᠦᠢ ᠰᠣᠨᠢᠨ
 
            