ᠣᠢ᠌ᠷ᠎ᠠ ᠵᠢᠨ ᠡᠳᠦᠷ᠂ ᠳᠤᠮᠳᠠᠳᠤ ᠤᠯᠤᠰ᠎ᠤᠨ ᠭᠤᠷᠪᠠᠳᠤᠭ᠋ᠠᠷ ᠹᠷᠣᠨᠲ᠎ᠤᠨ ᠪᠦᠲᠦᠭᠡᠨ ᠪᠠᠢ᠌ᠭᠤᠯᠤᠯᠲᠠ ᠵᠢᠨ ᠰᠤᠳᠤᠯᠭ᠋ᠠᠨ᠎ᠤ ᠨᠡᠢ᠌ᠭᠡᠮᠯᠢᠭ᠎ᠠᠴᠠ ᠵᠢᠯᠤᠭᠣᠳᠴᠤ᠂ ᠦᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠠᠴᠠ ᠭᠣᠣᠯᠯᠠᠨ ᠡᠷᠬᠢᠯᠡᠵᠦ᠂ ᠦᠬᠠᠢ ᠬᠤᠳᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠠᠴᠠ ᠲᠠᠭ᠋ᠠᠭ᠋ᠠᠴᠢᠯᠠᠨ ᠡᠷᠬᠢᠯᠡᠵᠦ᠂ ᠬᠠᠢ᠌ᠨᠠᠨ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠬᠠᠮᠵᠢᠨ ᠡᠷᠬᠢᠯᠡᠭᠰᠡᠨ《ᠤᠷᠤᠨ ᠨᠤᠲᠤᠭ᠎ᠤᠨ ᠭᠤᠷᠪᠠᠳᠤᠭ᠋ᠠᠷ ᠹᠷᠣᠨᠲ》 ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠰᠡᠳᠦᠪᠲᠦ ᠰᠣᠶᠣᠯ᠎ᠤᠨ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ᠃ ᠡᠨᠡ ᠤᠳᠠᠭ᠋ᠠᠨ᠎ᠤ ᠪᠠᠢ᠌ᠴᠠᠭ᠋ᠠᠨ ᠰᠤᠳᠤᠯᠵᠤ ᠰᠢᠨᠵᠢᠯᠡᠨ ᠪᠠᠢ᠌ᠴᠠᠭ᠋ᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠷᠠᠨ ᠰᠠᠢ᠌ᠬᠠᠨ᠎ᠤ ᠦᠵᠡᠭᠦᠯᠭᠡ ᠵᠢᠨ ᠲᠣᠭᠯᠠᠯᠲᠠ ᠵᠢ ᠨᠢᠭᠡ ᠴᠣᠭᠴᠠᠵᠢᠭᠤᠯᠤᠭᠰᠠᠨ ᠰᠣᠶᠣᠯ᠎ᠤᠨ ᠦᠪᠡᠳᠡᠭᠰᠢ ᠨᠠᠢ᠌ᠷ᠎ᠨᠢ 《ᠵᠢᠷᠭᠤᠭ᠎ᠠ ᠲᠠᠪᠤ ᠲᠦᠷᠪᠡ》 ᠴᠡᠷᠢᠭ᠎ᠤᠨ ᠠᠵᠤ ᠦᠢ᠍ᠯᠡᠳᠪᠦᠷᠢ ᠵᠢᠨ ᠪᠠᠭᠤᠷᠢ ᠵᠢᠨ ᠲᠡᠦᠬᠡ ᠵᠢᠨ ᠦᠨ᠎ᠡ ᠦᠷᠳᠡᠭ᠎ᠢ ᠠᠮᠢᠯᠠᠭᠤᠯᠤᠨ᠂ 《ᠲᠡᠰᠪᠦᠷᠢ ᠬᠠᠲᠠᠭᠤᠵᠢᠯᠲᠠᠢ᠎ᠪᠠᠷ ᠦᠢ᠍ᠯᠡᠰ ᠪᠣᠰᠬᠠᠬᠤ᠂ ᠭᠣᠶᠠᠴᠢ ᠦᠭᠡᠢ᠎ᠪᠠᠷ ᠬᠤᠪᠢ ᠨᠡᠮᠡᠷᠢ ᠦᠵᠡᠭᠦᠯᠬᠦ᠂ ᠪᠦᠯᠬᠦᠮᠳᠡᠨ ᠬᠠᠮᠵᠢᠯᠴᠠᠬᠤ᠂ ᠵᠣᠷᠢᠭᠲᠠᠢ᠎ᠪᠠᠷ ᠰᠢᠨ᠎ᠡ ᠵᠢ ᠡᠭᠦᠳᠬᠦ》 《ᠭᠤᠷᠪᠠᠲᠤᠭ᠋ᠠᠷ ᠹᠷᠣᠨᠲ᠎ᠤᠨ ᠵᠣᠷᠢᠭ ᠰᠠᠨᠠᠭ᠎ᠠ》 ᠵᠢ ᠬᠤᠪᠢᠰᠬᠠᠯ᠎ᠤᠨ ᠰᠣᠶᠣᠯ᠎ᠤᠨ ᠪᠠᠢ᠌ᠭᠤᠯᠤᠯᠲᠠ᠎ᠲᠠᠢ ᠭᠦᠨᠵᠡᠭᠡᠢ ᠠᠭᠤᠰᠤᠯᠴᠠᠭᠤᠯᠵᠤ᠂ ᠣᠢ᠌ᠷ᠎ᠠ ᠵᠢᠨ ᠵᠢᠯ᠎ᠤᠨ ᠦᠬᠠᠢ ᠬᠤᠳᠠ ᠵᠢᠨ 《ᠵᠦᠴᠦᠭᠡ᠎ᠪᠠᠷ ᠰᠦᠭ ᠰᠦᠨᠡᠰᠦ ᠵᠢ ᠱᠤᠭᠤᠵᠤ᠂ ᠱᠤᠭᠤᠮ ᠵᠶ᠋ᠠᠷ ᠰᠤᠳᠠᠰᠤ ᠪᠣᠯᠭ᠋ᠠᠵᠤ᠂ ᠲᠡᠦᠬᠡ᠎ᠪᠠᠷ ᠰᠠᠭᠤᠷᠢ ᠪᠤᠯᠭ᠋ᠠᠵᠤ》 《ᠤᠷᠤᠨ ᠨᠤᠲᠤᠭ᠎ᠤᠨ ᠭᠤᠷᠪᠠᠲᠤᠭ᠋ᠠᠷ ᠹᠷᠣᠨᠲ》 ᠤᠨ ᠪᠠᠢ᠌ᠭᠤᠯᠤᠯᠲᠠ ᠵᠢ ᠠᠬᠢᠭᠤᠯᠤᠭ᠋ᠠᠳ ᠣᠯᠣᠭᠰᠠᠨ ᠦᠷ᠎ᠡ ᠪᠦᠲᠦᠮᠵᠢ ᠵᠢ ᠳᠡᠯᠭᠡᠨ ᠦᠵᠡᠭᠦᠯᠵᠡᠢ᠃
ᠳᠠᠷᠠᠭ᠋ᠠᠴᠢ ᠵᠢᠨ ᠠᠯᠬᠤᠮ᠎ᠳᠤ᠂ ᠦᠷᠭᠦᠯᠵᠢᠯᠡᠨ ᠦᠬᠠᠢ ᠬᠤᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠤᠯᠠᠮ ᠴᠢᠨᠠᠭᠰᠢᠳᠠ 《ᠨᠢᠭᠡ ᠵᠦᠴᠦᠭᠡ》 ᠵᠢ ᠳᠡᠭᠡᠭᠰᠢᠯᠡᠭᠦᠯᠵᠦ᠂ 《ᠨᠢᠭᠡ ᠱᠤᠭᠤᠮ》 ᠢ ᠰᠢᠯᠢᠳᠡᠭᠵᠢᠭᠦᠯᠵᠦ᠂ ᠬᠤᠪᠢᠰᠬᠠᠯ᠎ᠤᠨ ᠰᠣᠶᠣᠯ᠂ ᠴᠡᠷᠢᠭ᠎ᠤᠨ ᠠᠵᠤ ᠦᠢ᠍ᠯᠡᠳᠪᠦᠷᠢ ᠵᠢᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠦᠬᠠᠢ ᠵᠢᠨ 《ᠤᠷᠤᠨ ᠨᠤᠲᠤᠭ᠎ᠤᠨ ᠭᠤᠷᠪᠠᠳᠤᠭ᠋ᠠᠷ ᠹᠷᠣᠨᠲ》 ᠢ ᠬᠦᠨᠵᠡᠭᠡᠢ ᠠᠭᠤᠰᠤᠯᠴᠠᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠤ ᠤᠯᠠᠮᠵᠢᠯᠠᠨ᠎ᠠ᠃