ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠷᠠᠳ᠎ᠤᠨ ᠠᠮᠢᠳᠤᠷᠠᠯ᠎ᠢ ᠪᠠᠶᠠᠰᠬᠠᠨ᠎ᠠ! ᠠᠭᠤᠳᠠᠮ ᠲᠠᠯᠠᠪᠠᠢ ᠵᠢᠨ ᠪᠥᠵᠢᠭ 《ᠬᠥᠷ ᠨᠠᠷᠬᠢᠶᠠᠨᠲᠤ ᠣᠷᠳᠣᠰ》 ᠴᠦᠩᠴᠢᠩ᠎ᠳᠤ ᠲᠤᠭᠯᠠᠪᠠ
ᠨᠡᠶᠢᠲᠡᠯᠡᠭᠰᠡᠨ ᠴᠠᠭ᠄ 2025-10-09

9 ᠳ᠋ᠤᠭᠡᠷ ᠰᠠᠷ᠎ᠠ ᠵᠢᠨ 25᠎ᠤ ᠡᠳᠦᠷ᠂ ᠬᠤᠷᠢᠳᠤᠭ᠋ᠠᠷ ᠬᠤᠭᠤᠴᠠᠭ᠋ᠠᠨ᠎ᠤ 《ᠤᠯᠠᠨ ᠲᠥᠮᠡᠨ ᠎ᠤ ᠤᠷᠠᠯᠢᠭ ᠎ᠤᠨ ᠤᠳᠤᠨ》 ᠱᠠᠩᠨᠠᠯ᠎ᠤᠨ ᠠᠭᠤᠳᠠᠮ ᠲᠠᠯᠠᠪᠠᠢ ᠵᠢᠨ ᠪᠥᠵᠢᠭ᠎ᠤᠨ ᠡᠴᠦᠰ᠎ᠤᠨ ᠦᠨᠡᠯᠡᠯᠲᠡ ᠵᠢ ᠴᠦᠩᠴᠢᠩ ᠬᠤᠳᠠ ᠵᠢᠨ ᠪᠡᠶ᠎ᠡ ᠵᠢᠨ ᠲᠠᠮᠢᠷ᠎ᠤᠨ ᠣᠷᠳᠣᠨ᠎ᠳᠤ ᠡᠬᠢᠯᠡᠭᠦᠯᠪᠡ᠃ ᠪᠦᠬᠦ ᠤᠯᠤᠰ᠎ᠠᠴᠠ ᠢᠷᠡᠭᠰᠡᠨ 34 ᠬᠤᠪᠢ ᠠᠭᠤᠳᠠᠮ ᠲᠠᠯᠠᠪᠠᠢ ᠵᠢᠨ ᠪᠥᠵᠢᠭ᠎ᠤᠨ ᠪᠦᠲᠦᠭᠡᠯ᠎ᠨᠢ ᠠᠭᠤᠯᠠᠨ ᠬᠤᠲᠠ᠎ᠳᠤ ᠴᠤᠭᠯᠠᠷᠠᠵᠤ᠂ ᠠᠮᠢᠳᠤᠯᠢᠭ ᠪᠥᠵᠢᠭ᠎ᠤᠨ ᠳᠦᠷᠢ ᠪᠠᠶ᠋ᠢᠳᠠᠯ ᠪᠣᠯᠤᠨ ᠰᠡᠳᠬᠢᠯ ᠬᠥᠳᠡᠯᠭᠡᠮ᠎ᠡ ᠬᠥᠭ ᠠᠶᠠᠰ ᠵᠶ᠋ᠠᠷ ᠠᠳᠠᠯᠢ ᠪᠤᠰᠤ ᠭᠠᠵᠠᠷ ᠣᠷᠣᠨ᠎ᠤ ᠵᠠᠩ ᠠᠭ᠋ᠠᠯᠢ ᠵᠢ ᠵᠢᠷᠤᠭᠯᠠᠵᠤ᠂ ᠤᠯᠠᠨ ᠲᠦᠮᠡᠨ᠎ᠤ ᠰᠣᠶᠣᠯ᠎ᠤᠨ ᠥᠷᠨᠢᠩᠭᠦᠶ ᠬᠥᠭᠵᠢᠯᠲᠡ ᠵᠢᠨ ᠳᠦᠷᠰᠦ ᠪᠠᠶ᠋ᠢᠳᠠᠯ᠎ᠢ ᠢᠯᠡᠷᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠠᠭᠤᠳᠠᠮ ᠲᠠᠯᠠᠪᠠᠶ ᠵᠢᠨ ᠪᠥᠵᠢᠭ 《ᠬᠥᠷ ᠨᠠᠷᠬᠢᠶᠠᠨᠲᠤ ᠣᠷᠳᠣᠰ》 ᠭᠡᠬᠦ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠪᠦᠲᠦᠭᠡᠯ᠎ᠨᠢ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ - ᠣᠷᠳᠣᠰ ᠠᠷᠠᠳ᠎ᠤᠨ ᠳᠠᠭᠤᠤ ᠵᠢ ᠭᠦᠨᠵᠡᠭᠡᠶ ᠠᠭᠤᠳᠠᠯᠵᠤ᠂ 《ᠪᠥᠭᠡᠷᠡᠩᠬᠡᠶ ᠮᠠᠯᠠᠭ᠋ᠠᠶ》 ᠵᠢᠨ ᠪᠠᠶᠠᠷ ᠪᠠᠶᠠᠰᠬᠤᠯᠠᠩᠲᠤ ᠬᠥᠭ ᠠᠶ᠋ᠢᠵᠠᠮ ᠪᠣᠯᠤᠨ 《ᠠᠷᠢᠬᠢᠨ ᠳᠠᠭᠤᠤ》 ᠵᠢᠨ ᠣᠮᠤᠭ ᠲᠡᠭᠦᠯᠳᠡᠷ ᠬᠠᠶ᠋ᠢᠷ᠎ᠠ ᠰᠡᠳᠬᠢᠯᠭᠡ ᠵᠢ ᠨᠡᠮᠡᠪᠡ; ᠪᠥᠵᠢᠭ᠎ᠤᠨ ᠨᠠᠶ᠋ᠢᠷᠠᠭᠤᠯᠤᠯᠲᠠ᠎ᠨᠢ ᠣᠷᠳᠣᠰ ᠪᠥᠵᠢᠭ᠎ᠤᠨ ᠰᠣᠶᠣᠯ᠎ᠤᠨ ᠡᠯᠧᠮᠧᠨ᠋ᠲ᠎ᠢ ᠨᠠᠶ᠋ᠢᠷᠠᠭᠤᠯᠤᠨ ᠵᠤᠬᠢᠶᠠᠵᠤ᠂ 《ᠠᠶᠠᠭ᠎ᠠ ᠰᠠᠪᠬ᠎ᠠ》 (ᠬᠤᠨᠳᠠᠭ᠋ᠠᠨ ᠪᠥᠵᠢᠭ᠂ ᠠᠶᠠᠭ᠋ᠠᠨ ᠪᠥᠵᠢᠭ ᠪᠠ ᠰᠠᠪᠬᠠᠨ ᠪᠥᠵᠢᠭ) ᠵᠡᠷᠭᠡ ᠵᠢ ᠪᠦᠲᠦᠭᠡᠯ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠲᠥᠯᠥᠭᠡᠯᠡᠬᠦ ᠴᠢᠨᠠᠷᠲᠠᠶ ᠮᠥᠷᠥ᠂ ᠭᠠᠷ᠂ ᠪᠠᠭᠤᠤ ᠵᠢᠨ ᠡᠯᠸᠮᠸᠨ᠋ᠲ ᠪᠠ ᠤᠳᠤ ᠦᠶ᠎ᠡ ᠵᠢᠨ ᠠᠢ᠌ᠵᠠᠮ ᠴᠤᠬᠢᠯᠭ᠎ᠠ ᠵᠢ ᠠᠮᠢᠳᠤᠯᠢᠭ ᠠᠭᠤᠰᠤᠯᠴᠠᠭᠤᠯᠵᠤ᠂ ᠤᠷᠳᠤᠰ ᠎ᠤᠨ ᠤᠯᠠᠮᠵᠢᠯᠠᠯᠲᠦ ᠦᠨᠳᠦᠰᠦᠲᠡᠨ ᠎ᠤ ᠬᠤᠪᠴᠠᠰᠦ ᠵᠠᠰᠠᠯ ᠵᠶ᠋ᠠᠷ ᠭᠤᠶᠤᠯᠠᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠬᠦᠴᠦᠨ ᠴᠢᠳᠠᠯ ᠪᠠ ᠭᠤᠸ᠎ᠠ ᠰᠠᠶ᠋ᠢᠬᠠᠨ᠎ᠤ ᠲᠥᠷᠥᠭᠳᠡᠯ᠎ᠢ ᠢᠯᠡᠷᠡᠭᠦᠯᠵᠦ᠂ ᠡᠯ᠎ᠡ ᠦᠨᠳᠦᠰᠦᠲᠡᠨ᠎ᠤ ᠬᠠᠷᠢᠯᠴᠠᠨ ᠳᠣᠲᠣᠨᠣᠴᠢᠯᠠᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠴᠡᠴᠡᠭᠯᠡᠨ ᠬᠥᠭᠵᠢᠭᠰᠡᠨ ᠵᠢᠷᠤᠭ᠎ᠢ ᠵᠢᠷᠤᠭᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            