2025 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ᠂ ᠬᠥᠬᠡᠬᠤᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠷᠢᠨᠭᠡᠷ ᠰᠢᠶᠠᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠲᠠᠢ ᠬᠠᠮᠲᠤᠷᠠᠨ ᠬᠤᠷᠢᠨᠭᠡᠷ ᠰᠢᠶᠠᠨ᠎ᠤ ᠬᠦᠩ ᠯᠠᠮᠠ ᠵᠢᠨ ᠪᠠᠭ᠎ᠠ ᠰᠤᠷᠭ᠋ᠠᠭᠤᠯᠢ᠎ᠳᠤ 《ᠰᠤᠷᠭᠤᠭ ᠨᠠᠬᠢᠶ᠎ᠠ ᠵᠢ ᠬᠠᠮᠠᠭ᠋ᠠᠯᠠᠶ᠎ᠠ 2025 ᠰᠤᠷᠭ᠋ᠠᠭᠤᠯᠢ ᠵᠢᠨ ᠬᠦᠷᠢᠶᠡᠨ᠎ᠳᠤ ᠤᠷᠤᠬᠤ᠎ᠨᠢ — ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠳᠤ ᠰᠢᠨᠤᠬᠤ ᠵᠢ ᠰᠡᠷᠭᠡᠶ᠋ᠢᠯᠡᠬᠦ》 ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃
ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠰᠤᠷᠤᠭᠴᠢᠳ᠎ᠢ ᠬᠠᠪᠰᠤᠷᠤᠨ ᠬᠠᠤᠯᠢ ᠪᠤᠰᠤ ᠮᠡᠳᠡᠭᠡ ᠵᠠᠩᠭᠢ ᠵᠢ ᠡᠰᠡᠷᠭᠦᠴᠡᠨ ᠬᠤᠷᠢᠭᠯᠠᠬᠤ᠂ ᠮᠠᠭᠤ ᠦᠢ᠍ᠯᠡ ᠠᠵᠢᠯᠯᠠᠭ᠎ᠠ᠎ᠠᠴᠠ ᠵᠠᠶ᠋ᠢᠳᠠᠬᠤ᠂ ᠰᠦᠯᠵᠢᠶᠡᠨ᠎ᠳᠤ ᠰᠢᠨᠤᠬᠤ ᠵᠢ ᠰᠡᠷᠭᠡᠶ᠋ᠢᠯᠡᠬᠦ ᠡᠳᠦᠷ ᠲᠤᠲᠤᠮ᠎ᠤᠨ ᠠᠮᠢᠳᠤᠷᠠᠯ᠂ ᠰᠤᠷᠤᠯᠴᠠᠯᠭ᠎ᠠ ᠵᠢᠨ ᠣᠶ᠋ᠢᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠪᠣᠶ ᠪᠣᠯᠭ᠋ᠠᠵᠤ᠂ ᠰᠤᠷᠤᠭᠴᠢᠳ᠎ᠤᠨ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠪᠡ᠃ ᠬᠤᠶ᠋ᠢᠰᠢᠳᠠ ᠰᠤᠷᠭ᠋ᠠᠭᠤᠯᠢ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠤᠯᠠᠮ ᠨᠢᠭᠡ ᠠᠯᠬᠤᠮ ᠭᠠᠷ ᠬᠤᠯᠪᠣᠯᠴᠠᠨ᠂ ᠰᠤᠷᠭᠤᠭ ᠨᠠᠬᠢᠶ᠎ᠠ ᠵᠢ ᠬᠠᠮᠠᠭ᠋ᠠᠯᠠᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠪᠠ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠳᠤ ᠰᠢᠨᠤᠬᠤ ᠵᠢ ᠰᠡᠷᠭᠡᠶ᠋ᠢᠯᠡᠬᠦ ᠠᠵᠢᠯᠯᠠᠭ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠠᠷ ᠦᠰᠦᠨ ᠪᠤᠶ᠋ᠢᠵᠢᠬᠤ ᠵᠢ ᠬᠠᠮᠠᠭ᠋ᠠᠯᠠᠬᠤ ᠪᠣᠯᠤᠨ᠎ᠠ᠃