ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠎ᠬᠢ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠬᠢᠵᠢᠭᠦᠯᠵᠦ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠵᠢᠷᠤᠮᠵᠢᠭᠤᠯᠵᠤ᠂ ᠪᠠᠶᠠᠷ ᠪᠠᠶᠠᠰᠬᠤᠯᠠᠩ᠎ᠲᠠᠢ ᠡᠶ᠎ᠡ ᠨᠠᠶ᠋ᠢᠷᠠᠮᠳᠠᠭᠤ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠥᠯᠥᠭᠡ᠂ ᠦᠬᠠᠶ ᠬᠤᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠠᠷ᠎ᠤᠨ ᠡᠳᠦᠷ᠎ᠤᠨ ᠡᠮᠦᠨᠡᠬᠢ ᠭᠤᠷᠪᠠᠨ ᠭᠤᠤᠯᠳᠠᠯᠭ᠎ᠠ᠎ᠲᠠᠢ ᠴᠠᠭ ᠦᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠪᠠᠶᠠᠷ᠎ᠤᠨ ᠡᠳᠦᠷ᠎ᠠᠴᠠ ᠡᠮᠦᠨ᠎ᠡ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠪᠠᠶᠠᠷ᠎ᠤᠨ ᠡᠳᠦᠷ᠎ᠤᠨ ᠳᠤᠮᠳᠠ ᠬᠢᠨᠠᠨ ᠬᠠᠮᠢᠶᠠᠷᠴᠤ ᠡᠮᠬᠢ ᠵᠢᠷᠤᠮ᠎ᠢ ᠪᠠᠲᠤᠯᠠᠬᠤ᠂ ᠪᠠᠶᠠᠷ᠎ᠤᠨ ᠡᠳᠦᠷ᠎ᠤᠨ ᠳᠠᠷᠠᠭ᠎ᠠ ᠪᠠᠬᠢᠵᠢᠭᠦᠯᠦᠨ ᠪᠠᠶ᠋ᠢᠭᠤᠯᠬᠤ》 ᠪᠥᠬᠦ ᠬᠡᠯᠬᠢᠶᠡᠨ᠎ᠤ ᠬᠠᠤᠯᠢ ᠬᠡᠷᠡᠭᠵᠢᠭᠦᠯᠬᠦ ᠠᠵᠢᠯ᠎ᠤᠨ ᠰᠢᠰᠲ᠋ᠧᠮ᠎ᠢ ᠪᠠᠶ᠋ᠢᠭᠤᠯᠵᠤ᠂ ᠬᠤᠲᠠ ᠵᠢᠨ ᠠᠷᠠᠳ ᠪᠠ ᠵᠢᠭᠤᠯᠴᠢᠯᠠᠭᠴᠢᠳ᠎ᠲᠤ ᠰᠠᠨᠠᠭ᠎ᠠ ᠠᠮᠤᠷ᠂ ᠲᠠᠭ᠋ᠠᠯᠠᠮᠵᠢᠲᠠᠶ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠵᠤ ᠥᠭᠪᠡ᠃