ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠬᠢᠭᠡᠳ ᠬᠥᠭᠵᠢᠯᠲᠡ ᠵᠢᠨ ᠶᠠᠷᠢᠶᠠᠨ᠎ᠤ ᠳᠠᠪᠴᠠᠩ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄ 2024-12-25

      ᠣᠶ᠋ᠢᠷ᠎ᠠ᠎ᠳᠤ 《ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠬᠢᠭᠡᠳ ᠬᠥᠭᠵᠢᠯᠲᠡ ᠵᠢᠨ ᠶᠠᠷᠢᠶᠠᠨ᠎ᠤ ᠳᠠᠪᠴᠠᠩ》 ᠣᠷᠳᠣᠰ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠶᠠᠪᠤᠭᠳᠠᠭᠰᠠᠨ ᠪᠠᠶ᠋ᠢᠨ᠎ᠠ᠃ ᠲᠣᠰ ᠤᠳᠠᠭ᠋ᠠᠨ᠎ᠤ 《ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠬᠢᠭᠡᠳ ᠬᠥᠭᠵᠢᠯᠲᠡ ᠵᠢᠨ ᠶᠠᠷᠢᠶᠠᠨ᠎ᠤ ᠳᠠᠪᠴᠠᠩ》 ᠪᠣᠯ ᠣᠷᠳᠣᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠪᠠ ᠬᠥᠭᠵᠢᠭᠦᠯᠬᠦ ᠰᠤᠳᠤᠯᠭ᠋ᠠᠨ᠎ᠤ ᠲᠥᠪ᠎ᠤᠨ ᠡᠭᠦᠰᠬᠡᠨ ᠪᠠᠶ᠋ᠢᠭᠤᠯᠤᠭᠰᠠᠨ ᠣᠨ᠎ᠤ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠪᠣᠯᠣᠨ᠎ᠠ᠃ ᠲᠣᠰ ᠤᠳᠠᠭ᠋ᠠᠨ᠎ᠤ ᠶᠠᠷᠢᠶᠠᠨ᠎ᠤ ᠳᠠᠪᠴᠠᠩ᠎ᠨᠢ 《ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠣᠷᠳᠣᠰ ᠠᠷᠠᠳ᠎ᠤᠨ ᠳᠠᠭᠤᠤ᠂ ᠪᠥᠵᠢᠭ᠂ ᠬᠥᠭᠵᠢᠮ᠎ᠤᠨ ᠬᠠᠮᠠᠭ᠋ᠠᠯᠠᠯᠲᠠ ᠪᠠ ᠤᠯᠠᠮᠵᠢᠯᠠᠯ ᠬᠢᠭᠡᠳ ᠬᠥᠭᠵᠢᠯᠲᠡ ᠵᠢᠨ ᠦᠢ᠍ᠯᠡᠳᠦᠯᠭᠡ ᠵᠢᠨ ᠠᠷᠭ᠎ᠠ ᠵᠠᠮ》᠂ 《ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮᠵᠢᠭᠰᠡᠨ ᠬᠠᠮᠠᠭ᠋ᠠᠯᠠᠯᠲᠠ》 ᠵᠡᠷᠭᠡ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ 《ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠰᠣᠶᠣᠯ ᠤᠷᠠᠯᠢᠭ᠎ᠢ ᠬᠠᠮᠠᠭ᠋ᠠᠯᠠᠨ ᠤᠯᠠᠮᠵᠢᠯᠠᠬᠤ》 ᠬᠠᠷᠢᠭᠤ ᠮᠡᠳᠡᠭᠦᠯᠦᠯᠲᠡ ᠵᠢᠨ ᠲᠣᠭᠯᠠᠯᠲᠠ ᠵᠡᠷᠭᠡ ᠠᠭᠤᠯᠭ᠎ᠠ᠎ᠪᠠᠷ ᠪᠦᠷᠢᠯᠳᠦᠵᠦ᠂ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠡᠯ᠎ᠡ ᠬᠦᠷᠢᠶ᠎ᠡ ᠴᠠᠷᠠᠭ᠋ᠠᠨ᠎ᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠨ ᠴᠤᠭᠯᠠᠷᠠᠭᠰᠠᠨ ᠪᠠᠶ᠋ᠢᠨ᠎ᠠ᠃ ᠠᠵᠢᠯᠯᠠᠭ᠎ᠠ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ ᠡᠷᠬᠢᠯᠡᠭᠰᠡᠳ᠎ᠲᠤ ᠰᠣᠯᠢᠯᠴᠠᠭ᠋ᠠᠨ᠎ᠤ ᠳᠠᠪᠴᠠᠩ ᠬᠠᠩᠭ᠋ᠠᠵᠤ ᠦᠵᠡᠯᠲᠡ ᠲᠠᠨᠢᠯᠲᠠ᠎ᠪᠠᠨ ᠰᠣᠯᠢᠯᠴᠠᠬᠤ᠂ ᠲᠤᠷᠰᠢᠯᠭ᠎ᠠ᠎ᠪᠠᠨ ᠬᠤᠪᠢᠶᠠᠯᠴᠠᠵᠤ ᠬᠠᠮᠲᠤᠷᠠᠯᠴᠠᠬᠤ᠎ᠪᠠᠷ ᠳᠠᠮᠵᠢᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠬᠦᠴᠦᠨ᠎ᠢ ᠪᠦᠷᠢᠯᠳᠦᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠪᠠ ᠬᠥᠭᠵᠢᠯᠲᠡ᠎ᠳᠤ ᠰᠢᠨ᠎ᠡ ᠠᠷᠭ᠎ᠠ ᠵᠠᠮ ᠬᠠᠩᠭ᠋ᠠᠭᠰᠠᠨ ᠪᠠᠶ᠋ᠢᠨ᠎ᠠ᠃
 

ᠢᠷᠡᠯᠲᠡ᠄ ᠤᠷᠳᠤᠰ ᠬᠤᠲᠠ ᠵᠢᠨ ᠬᠠᠮ ᠵᠠᠭᠤᠴᠢᠯᠠᠭᠤᠷ ᠎ᠤᠨ ᠲᠥᠪ
          
ᠬᠠᠮᠢᠶ᠎ᠡ ᠪᠦᠬᠦᠢ ᠰᠣᠨᠢᠨ
 
            