ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠤᠯ - ᠱᠠᠨᠳᠦ᠋ᠩ᠎ᠤᠨ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠢ ᠵᠣᠯᠭ᠋ᠠᠭᠤᠯᠬᠤ ᠬᠤᠷᠠᠯ ᠦᠶᠤᠸᠠᠨ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2024-10-29

        ᠣᠶ᠋ᠢᠷ᠎ᠠ᠎ᠳᠤ᠂ ᠥᠪᠥᠷ ᠮᠣᠩᠭᠤᠯ - ᠱᠠᠨᠳᠦ᠋ᠩ᠎ᠤᠨ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠢ ᠵᠣᠯᠭ᠋ᠠᠭᠤᠯᠬᠤ ᠬᠤᠷᠠᠯ ᠦᠶᠤᠸᠠᠨ ᠰᠢᠶᠠᠨ᠎ᠳᠤ ᠶᠠᠪᠤᠭᠳᠠᠪᠠ᠃
      ᠠᠵᠢᠯᠯᠠᠭ᠎ᠠ ᠵᠢᠨ ᠬᠤᠭᠤᠴᠠᠭ᠋ᠠᠨ᠎ᠳᠤ᠂ ᠮᠠᠨ᠎ᠤ ᠬᠤᠳᠠ᠂ ᠬᠥᠬᠡᠬᠤᠲᠠ᠂ ᠪᠤᠭᠤᠲᠤ ᠬᠤᠳᠠ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ ᠵᠡᠷᠭᠡ ᠵᠢᠮᠢᠰ ᠢᠳᠡᠰᠢᠨ ᠨᠣᠭᠤᠭ᠋ᠠᠨ᠎ᠤ ᠭᠤᠣᠯᠳᠠᠯᠭ᠎ᠠ᠎ᠲᠠᠢ ᠠᠶ᠋ᠢᠮᠠᠭ ᠬᠤᠳᠠ ᠵᠢᠴᠢ ᠱᠠᠨᠳᠦ᠋ᠩ ᠮᠤᠵᠢ᠂ ᠲᠢᠶᠠᠨᠵᠢᠨ ᠬᠤᠳᠠ ᠵᠡᠷᠭᠡ ᠭᠠᠵᠠᠷ᠎ᠤᠨ ᠠᠵᠢᠯ ᠲᠦᠷᠦᠯ᠎ᠤᠨ ᠨᠡᠶ᠋ᠢᠭᠡᠮᠯᠢᠭ᠎ᠤᠨ ᠲᠥᠯᠥᠭᠡᠯᠡᠭᠴᠢ᠂ ᠠᠵᠤ ᠠᠬᠤᠶ᠋ᠢᠯᠠᠯᠳᠠᠨ ᠦᠶᠤᠸᠠᠨ ᠰᠢᠶᠠᠨ᠎ᠤ ᠰᠢᠷ᠎ᠠ ᠲᠥᠪᠡᠳ ᠬᠠᠰᠢ᠂ ᠵᠢᠢ ᠰᠢᠨ ᠵᠢᠮᠢᠰ᠂ ᠪᠸᠢ ᠪᠧᠢ ᠯᠠᠩᠭᠤᠸᠠ᠂ ᠯᠠᠵᠤᠤ᠂ ᠰᠢᠯᠦᠬᠡᠢ ᠡᠷᠳᠡᠨᠢ ᠰᠢᠰᠢ ᠵᠡᠷᠭᠡ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠤᠷᠢᠨ᠎ᠳᠤ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠯᠲᠠ ᠬᠢᠵᠦ ᠬᠤᠳᠠᠯᠳᠤᠭ᠋ᠠᠨ᠎ᠤ ᠦᠢ᠍ᠯᠡᠰ᠎ᠲᠠᠢ ᠵᠥᠪᠳᠡᠯᠴᠡᠪᠡ᠃
      ᠵᠣᠯᠭ᠋ᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠱᠠᠨᠳᠦ᠋ᠩ ᠮᠤᠵᠢ᠂ ᠲᠢᠶᠠᠨᠵᠢᠨ ᠬᠤᠲᠠ᠂ ᠦᠶᠤᠸᠠᠨ ᠰᠢᠶᠠᠨ ᠵᠡᠷᠭᠡ᠎ᠨᠢ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠤᠨ ᠲᠣᠭᠤᠷᠢᠨ᠎ᠳᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠤᠨ ᠭᠤᠤᠯᠳᠠᠯᠭ᠎ᠠ᠎ᠲᠠᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠲᠣᠪᠴᠢᠶ᠎ᠠ ᠵᠢᠨ ᠬᠥᠬᠡᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠲᠥᠪ᠎ᠠᠴᠠ 《ᠪᠣᠷᠣᠲᠣᠬᠤᠶ ᠵᠢᠨ ᠲᠠᠯ᠎ᠠ ᠭᠠᠵᠠᠷ ᠦᠶᠤᠸᠠᠨ - ᠨᠢᠩᠰᠢᠶᠠ ᠵᠢᠨ ᠭᠦᠶᠤᠸᠠᠨ ᠲᠠᠷᠢᠶᠠᠯᠠᠬᠤ ᠭᠠᠵᠠᠷ ᠣᠷᠣᠨ᠎ᠤ ᠭᠠᠵᠠᠷ ᠰᠢᠷᠣᠶ ᠵᠢᠨ ᠶᠠᠰᠤ ᠴᠢᠨᠠᠷ᠎ᠤᠨ ᠭᠠᠵᠠᠷ᠎ᠤᠨ ᠪᠥᠮᠪᠥᠷᠴᠡᠭ᠎ᠤᠨ ᠬᠢᠮᠢ ᠵᠢᠨ ᠪᠠᠶ᠋ᠢᠴᠠᠭ᠋ᠠᠯᠲᠠ》 ᠵᠢᠨ ᠤᠯᠤᠰ᠎ᠤᠨ ᠲᠥᠷᠥᠯ ᠵᠦᠢ᠍ᠯ᠎ᠤᠨ ᠪᠠᠶ᠋ᠢᠴᠠᠭ᠋ᠠᠯᠲᠠ ᠵᠢᠨ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠦᠶᠤᠸᠠᠨ ᠰᠢᠶᠠᠨ᠎ᠳᠤ ᠵᠢᠩᠬᠢᠨᠢ᠎ᠪᠠᠷ ᠰᠢᠯᠵᠢᠭᠦᠯᠦᠨ ᠲᠤᠰᠢᠶᠠᠪᠠ᠃ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ ᠰᠧᠯᠧᠨ ᠡᠯᠪᠡᠭ ᠪᠠᠶᠠᠯᠢᠭ ᠲᠠᠷᠢᠶᠠᠨ ᠭᠠᠵᠠᠷ᠎ᠢ 3.10 ᠲᠦᠮᠡᠨ ᠮᠥ᠍ ᠲᠣᠭᠲᠠᠭ᠋ᠠᠵᠤ᠂ ᠲᠠᠷᠢᠶᠠᠯᠠᠩ᠎ᠤᠨ ᠪᠦᠲᠦᠭᠡᠭᠳᠡᠬᠦᠨ ᠨᠡᠶ᠋ᠢᠳᠡᠮ᠎ᠳᠡᠭᠡᠨ ᠰᠧᠯᠧᠨ ᠡᠯᠪᠡᠭ ᠪᠠᠶ᠋ᠢᠵᠤ᠂ ᠰᠧᠯᠧᠨ ᠡᠯᠪᠡᠭ ᠲᠠᠷᠢᠶᠠᠯᠠᠩ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠰᠠᠶ᠋ᠢᠨ ᠰᠠᠶ᠋ᠢᠬᠠᠨ ᠢᠷᠡᠭᠡᠳᠦᠶ᠎ᠲᠠᠢ ᠶᠤᠮ᠃ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠦᠨᠳᠦᠰᠦᠯᠡᠪᠡᠯ᠂ ᠢᠷᠡᠭᠡᠳᠦᠢ᠎ᠳᠤ ᠥᠪᠥᠷ ᠮᠣᠩᠭᠤᠯ᠎ᠤᠨ ᠪᠣᠷᠣᠲᠣᠬᠤᠢ ᠣᠷᠣᠨ᠎ᠤ ᠰᠧᠯᠧᠨ ᠡᠯᠪᠡᠭ ᠳᠡᠯᠪᠡᠭ ᠠᠵᠤ ᠦᠢ᠍ᠯᠡᠰ ᠮᠠᠰᠢ ᠶᠡᠭᠡ ᠬᠥᠭᠵᠢᠯᠲᠡ ᠵᠢᠨ ᠣᠷᠣᠨ ᠵᠠᠢ᠎ᠲᠠᠢ ᠶᠤᠮ᠃
    ᠲᠣᠰ ᠤᠳᠠᠭ᠋ᠠᠨ᠎ᠤ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠠᠴᠠ ᠭᠤᠤᠯᠯᠠᠨ ᠡᠷᠭᠢᠯᠡᠵᠦ᠂ ᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠦᠶᠤᠸᠠᠨ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠴᠢᠩᠳᠣᠤ ᠬᠤᠲᠠ ᠵᠢᠨ ᠪᠠᠶᠠᠨᠨᠠᠭᠤᠷ᠎ᠤᠨ ᠬᠤᠳᠠᠯᠳᠤᠭ᠋ᠠᠴᠢᠳ᠎ᠤᠨ ᠡᠪᠯᠡᠯ ᠳᠠᠭ᠋ᠠᠭ᠋ᠠᠴᠢᠯᠠᠨ ᠡᠷᠭᠢᠯᠡᠵᠦ᠂ ᠮᠧᠩ ᠯᠦ᠍ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠤᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠢᠯᠡᠷᠡᠭᠦᠯᠵᠦ᠂ ᠦᠶᠤᠸᠠᠨ ᠰᠢᠶᠠᠨ᠎ᠤ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠤᠨ ᠠᠯᠳᠠᠷᠰᠢᠯ᠂ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠲᠥᠯᠥᠭᠡ ᠶᠤᠮ᠃
 

ᠢᠷᠡᠯᠲᠡ᠄ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            