11 ᠰᠠᠷ᠎ᠠ ᠵᠢᠨ 16᠎ᠤ ᠡᠳᠦᠷ᠂ ᠤᠯᠠᠭ᠋ᠠᠨᠴᠠᠪ᠎ᠤᠨ ᠬᠤᠶᠠᠳᠤᠭ᠋ᠠᠷ ᠬᠤᠭᠤᠴᠠᠭ᠋ᠠᠨ᠎ᠤ 《ᠮᠥᠰᠥ ᠴᠠᠰᠤᠨ᠎ᠤ ᠬᠠᠶ᠋ᠢᠷ᠎ᠠ》 ᠵᠢᠭᠤᠯᠴᠢᠯᠠᠯ᠎ᠤᠨ ᠤᠯᠠᠷᠢᠯ ᠥᠪᠥᠷ ᠮᠣᠩᠭᠤᠯ᠎ᠤᠨ ᠤᠯᠠᠭ᠋ᠠᠨᠴᠠᠪ᠎ᠤᠨ ᠳ᠋ᠠ ᠾᠧ ᠸᠠᠨ ᠴᠠᠰᠤᠨ᠎ᠳᠤ ᠭᠤᠯᠭᠤᠬᠤ ᠲᠠᠯᠠᠪᠠᠢ᠎ᠳᠤ ᠡᠬᠢᠯᠡᠪᠡ᠃ ᠤᠯᠠᠭ᠋ᠠᠨ ᠬᠠᠳᠠ ᠵᠢᠨ ᠭᠠᠯᠲᠤ ᠠᠭᠤᠯᠠ᠂ ᠴᠠ ᠬᠠᠨ ᠶᠢᠩ ᠴᠠᠰᠤᠨ᠎ᠳᠤ ᠭᠤᠯᠭᠤᠬᠤ ᠲᠠᠯᠠᠪᠠᠢ᠂ ᠯᠢᠶᠠᠩᠴᠧᠩ᠎ᠤᠨ ᠤᠯᠠᠨ ᠤᠯᠤᠰ᠎ᠤᠨ ᠴᠠᠰᠤᠨ᠎ᠳᠤ ᠭᠤᠯᠭᠤᠬᠤ ᠲᠠᠯᠠᠪᠠᠢ ᠵᠢᠨ ᠠᠵᠢᠯᠯᠠᠭ᠎ᠠ ᠵᠡᠷᠭᠡ᠎ᠪᠡᠷ ᠶᠠᠪᠤᠭᠳᠠᠪᠠ᠃
ᠲᠣᠰ ᠤᠳᠠᠭ᠋ᠠᠨ᠎ᠤ ᠠᠵᠢᠯᠯᠠᠭ᠎ᠠ᠎ᠨᠢ 《ᠤᠳᠤ ᠦᠵᠡᠬᠦ᠂ ᠰᠠᠷ᠎ᠠ ᠰᠣᠨᠢᠷᠬᠠᠬᠤ᠂ ᠭᠠᠯᠲᠤ ᠠᠭᠤᠯᠠ᠎ᠪᠠᠷ ᠵᠤᠭ᠋ᠠᠴᠠᠬᠤ》 《ᠴᠠᠰᠤᠨ ᠭᠤᠯᠭᠤᠯᠳᠠ᠂ ᠠᠮᠲᠠᠲᠤ ᠢᠳᠡᠭᠡᠨ᠂ ᠬᠠᠯᠠᠭᠤᠨ ᠷᠠᠰᠢᠶᠠᠨ》 ᠵᠶ᠋ᠠᠷ ᠭᠤᠤᠯ ᠰᠢᠵᠢᠮ ᠪᠣᠯᠭ᠋ᠠᠵᠤ᠂ 8 ᠭᠤᠣᠯᠳᠠᠯᠭ᠎ᠠ᠎ᠲᠠᠢ ᠦᠵᠡᠮᠵᠢ ᠵᠢᠨ ᠣᠷᠣᠨ (ᠲᠤᠬᠠᠶ᠋ᠢᠯᠠᠪᠠᠯ ᠤᠯᠠᠭ᠋ᠠᠨᠴᠠᠪ᠎ᠤᠨ ᠭᠠᠯᠲᠤ ᠠᠭᠤᠯᠠ᠂ᠤᠯᠠᠭ᠋ᠠᠨᠴᠠᠪ᠎ᠤᠨ ᠰᠥᠨᠢ ᠵᠢᠨ ᠵᠡᠭᠡᠯᠢ ᠲᠣᠭᠤᠷᠢᠭ᠂ ᠯᠢᠨ ᠬᠤ᠌ ᠵᠢᠨ ᠡᠷᠲᠡᠨ᠎ᠤ ᠴᠠᠶ᠋ᠢᠵᠠ ᠵᠢᠨ ᠦᠵᠡᠮᠵᠢ ᠵᠢᠨ ᠣᠷᠣᠨ᠂ᠤᠯᠠᠭ᠋ᠠᠨ ᠬᠠᠳᠠ ᠵᠢᠨ ᠠᠮᠢ ᠠᠬᠤᠶ ᠵᠢᠨ ᠵᠢᠭᠤᠯᠴᠢᠯᠠᠯ᠎ᠤᠨ ᠣᠷᠣᠨ᠂ ᠵᠢᠨᠢᠩ᠎ᠤᠨ ᠣᠯᠠᠨ ᠤᠯᠤᠰ᠎ᠤᠨ ᠠᠷᠠᠰᠤᠨ ᠡᠳ᠋ᠯᠡᠯ᠎ᠤᠨ ᠬᠤᠲᠠ᠂ ᠳ᠋ᠠ ᠾᠧ ᠸᠠᠨ ᠴᠠᠰᠤᠨ᠎ᠳᠤ ᠭᠤᠯᠭᠤᠬᠤ ᠲᠠᠯᠠᠪᠠᠶ᠂ ᠯᠢᠶᠠᠩᠴᠧᠩ᠎ᠤᠨ ᠴᠠᠰᠤᠨ᠎ᠳᠤ ᠭᠤᠯᠭᠤᠬᠤ ᠲᠠᠯᠠᠪᠠᠶ)᠂ 45 ᠠᠷᠠᠳ᠎ᠤᠨ ᠪᠠᠭᠤᠳᠠᠯ᠂ 3 ᠶᠡᠭᠡ ᠴᠠᠰᠤᠨ᠎ᠳᠤ ᠭᠤᠯᠭᠤᠬᠤ ᠲᠠᠯᠠᠪᠠᠶ᠂ 5 ᠬᠠᠯᠠᠭᠤᠨ ᠷᠠᠰᠢᠶᠠᠨ (ᠲᠤᠬᠠᠶ᠋ᠢᠯᠠᠪᠠᠯ ᠮᠣᠷᠢᠨ ᠳᠠᠪᠠᠭ᠎ᠠ ᠵᠢᠨ ᠬᠠᠯᠠᠭᠤᠨ ᠷᠠᠰᠢᠶᠠᠨ᠂ ᠸᠠᠨ ᠳ᠋ᠧᠩ ᠬᠠᠯᠠᠭᠤᠨ ᠷᠠᠰᠢᠶᠠᠨ᠂ ᠶᠦᠩ ᠯᠢᠶᠠᠩ ᠬᠠᠯᠠᠭᠤᠨ ᠷᠠᠰᠢᠶᠠᠨ) ᠵᠡᠷᠭᠡ ᠡᠬᠢ ᠪᠠᠶᠠᠯᠢᠭ᠎ᠲᠤ ᠲᠦᠰᠢᠭᠯᠡᠨ᠂ 2024 ᠣᠨ᠎ᠤ 11 ᠰᠠᠷ᠎ᠠ ᠵᠢᠨ 16᠎ᠤ ᠡᠳᠦᠷ ᠪᠥᠬᠦ ᠲᠠᠯ᠎ᠠ᠎ᠪᠠᠷ ᠡᠬᠢᠯᠡᠭᠦᠯᠵᠦ᠂ 2025 ᠣᠨ᠎ᠤ 3 ᠰᠠᠷ᠎ᠠ ᠵᠢᠨ ᠡᠬᠢ᠎ᠪᠠᠷ ᠳᠠᠭᠤᠰᠤᠨ᠎ᠠ᠃ 《1 ᠴᠡᠭ 7 ᠱᠤᠭᠤᠮ᠂ ᠵᠠᠭᠤᠨ ᠡᠳᠦᠷ ᠵᠠᠭᠤᠨ ᠲᠠᠯᠠᠪᠠᠢ》 (ᠲᠤᠬᠠᠶ᠋ᠢᠯᠠᠪᠠᠯ ᠤᠯᠠᠭ᠋ᠠᠨ ᠬᠠᠳᠠ ᠵᠢᠨ ᠭᠠᠯᠲᠤ ᠠᠭᠤᠯᠠ ᠵᠢᠨ ᠭᠤᠣᠯ ᠳᠡᠯᠪᠡᠷᠡᠯᠲᠡ ᠵᠢᠨ ᠴᠡᠭ᠂ 7 ᠵᠢᠭᠤᠯᠴᠢᠯᠠᠯ᠎ᠤᠨ ᠵᠠᠮ ᠱᠤᠭᠤᠮ)᠎ᠤᠨ ᠲᠣᠭᠤᠷᠢᠨ᠎ᠳᠤ ᠵᠠᠭᠤᠨ ᠡᠳᠦᠷ ᠦᠷᠭᠦᠯᠵᠢᠯᠡᠭᠦᠯᠵᠦ᠂ ᠡᠯ᠎ᠡ ᠲᠥᠷᠥᠯ᠎ᠤᠨ ᠠᠵᠢᠯᠯᠠᠭ᠎ᠠ ᠵᠢ ᠪᠠᠷᠤᠭ 100 ᠲᠠᠯᠠᠪᠤᠷ ᠡᠷᠬᠢᠯᠡᠵᠦ᠂ 《ᠬᠦᠢ᠍ᠲᠡᠨ ᠡᠬᠢ ᠪᠠᠶᠠᠯᠢᠭ》᠎ᠢ 《ᠬᠠᠯᠠᠭᠤᠨ ᠠᠵᠤ ᠦᠢ᠍ᠯᠡᠰ》 ᠪᠣᠯᠭ᠋ᠠᠬᠤ ᠵᠢ ᠠᠬᠢᠭᠤᠯᠤᠨ᠎ᠠ᠃