ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2024 ᠣᠷᠳᠣᠰ᠎ᠤᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠠᠵᠤ ᠦᠢ᠍ᠯᠡᠰ᠎ᠤᠨ ᠠᠮᠢ ᠠᠬᠤᠢ ᠵᠢᠨ ᠬᠤᠷᠠᠯ ᠵᠢᠴᠢ ᠣᠷᠳᠣᠰ ᠬᠤᠲᠠ ᠵᠢᠨ 《ᠲᠡᠷᠭᠡ ᠵᠠᠮ ᠡᠭᠦᠯᠡᠨ ᠪᠣᠳᠣᠯᠲᠠ ᠵᠢ ᠨᠢᠭᠡ ᠴᠣᠭᠴᠠᠵᠢᠭᠤᠯᠬᠤ》 ᠬᠡᠷᠡᠭᠯᠡᠭᠡᠨ᠎ᠤ ᠲᠤᠷᠰᠢᠯᠲᠠ ᠵᠢᠨ ᠴᠡᠭ᠎ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2024-12-26

      ᠣᠶ᠋ᠢᠷ᠎ᠠ ᠵᠢᠨ ᠡᠳᠦᠷ᠂ 《ᠣᠶᠤᠨᠴᠢ ᠢᠷᠡᠭᠡᠳᠦᠢ ᠵᠢ ᠴᠣᠭᠴᠠᠯᠠᠵᠤ᠂ 〈ᠲᠡᠷᠭᠡᠨ ᠵᠠᠮ ᠡᠭᠦᠯᠡᠨ ᠪᠣᠳᠣᠯᠲᠠ ᠵᠢ ᠨᠢᠭᠡ ᠴᠣᠭᠴᠠᠵᠢᠭᠤᠯᠬᠤ〉 ᠰᠢᠨ᠎ᠡ ᠴᠠᠭ ᠦᠶ᠎ᠡ ᠵᠢ ᠣᠷᠴᠢᠯᠠᠬᠤᠢ》᠎ᠪᠠᠷ ᠭᠤᠣᠯ ᠰᠡᠳᠦᠪ ᠵᠶ᠋ᠠᠨ ᠪᠣᠯᠭ᠋ᠠᠭᠰᠠᠨ 2024 ᠣᠷᠳᠣᠰ᠎ᠤᠨ 2024 ᠣᠷᠳᠣᠰ᠎ᠤᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠠᠵᠤ ᠦᠢ᠍ᠯᠡᠰ᠎ᠤᠨ ᠠᠮᠢ ᠠᠬᠤᠢ ᠵᠢᠨ ᠬᠤᠷᠠᠯ ᠵᠢᠴᠢ ᠣᠷᠳᠣᠰ ᠬᠤᠲᠠ ᠵᠢᠨ 《ᠲᠡᠷᠭᠡ ᠵᠠᠮ ᠡᠭᠦᠯᠡᠨ ᠪᠣᠳᠣᠯᠲᠠ ᠵᠢ ᠨᠢᠭᠡ ᠴᠣᠭᠴᠠᠵᠢᠭᠤᠯᠬᠤ》 ᠬᠡᠷᠡᠭᠯᠡᠭᠡᠨ᠎ᠤ ᠲᠤᠷᠰᠢᠯᠲᠠ ᠵᠢᠨ ᠴᠡᠭ᠎ᠢ ᠠᠬᠢᠭᠤᠯᠬᠤ ᠬᠤᠷᠠᠯ ᠬᠢᠶ᠎ᠠ ᠪᠠᠭᠰᠢ ᠲᠣᠭᠤᠷᠢᠭ᠎ᠲᠤ ᠬᠤᠷᠠᠯᠳᠤᠪᠠ᠃ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ ᠵᠢᠨ ᠱᠦᠵᠢ᠂ ᠬᠢᠶ᠎ᠠ ᠪᠠᠭᠰᠢ ᠲᠣᠭᠤᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠵᠧᠨ ᠬᠤᠸᠠ᠂ ᠬᠤᠲᠠ ᠵᠢᠨ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠭᠤᠣ ᠸᠧᠨ ᠾᠧ ᠬᠤᠷᠠᠯ᠎ᠳᠤ ᠣᠷᠣᠯᠴᠠᠪᠠ᠃ ᠬᠤᠲᠠ ᠵᠢᠨ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠤᠲᠠ ᠵᠢᠨ ᠳᠡᠳ᠋ ᠳᠠᠷᠤᠭ᠎ᠠ ᠯᠢᠦ ᠹᠧᠩ ᠶᠦᠨ ᠪᠠᠶᠠᠷ᠎ᠤᠨ ᠦᠭᠡ ᠬᠡᠯᠡᠵᠦ᠂ ᠬᠤᠲᠠ ᠵᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠬᠤᠷᠠᠯ᠎ᠢ ᠡᠷᠭᠢᠯᠡᠪᠡ᠃ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠢᠨ ᠨᠡᠷ᠎ᠡ ᠳᠤᠷᠠᠳᠤᠭᠳᠠᠭᠰᠠᠨ ᠵᠢᠱ᠌ᠢᠭᠳᠡᠭᠴᠢ ᠵᠠᠩ ᠲᠦᠦ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠮᠠᠰᠢᠨ ᠲᠡᠷᠭᠡᠨ᠎ᠤ ᠦᠷ᠎ᠡ ᠪᠦᠲᠦᠭᠡᠯ᠎ᠤᠨ ᠦᠵᠡᠭᠦᠯᠭᠡ ᠵᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠠᠵᠤ ᠠᠬᠤᠶ᠋ᠢᠯᠠᠯᠲᠠᠨ ᠪᠣᠯᠣᠨ ᠭᠠᠵᠠᠷ ᠣᠷᠣᠨ᠎ᠤ᠎ᠬᠢᠨ ᠭᠤᠣᠯ ᠵᠣᠷᠢᠯᠲᠠᠲᠤ ᠶᠠᠷᠢᠶ᠎ᠠ ᠢᠯᠡᠳᠬᠡᠯ ᠬᠢᠵᠦ᠂ ᠰᠠᠨᠠᠯ ᠵᠶ᠋ᠠᠨ ᠰᠣᠯᠢᠯᠴᠠᠨ᠂ ᠣᠷᠳᠣᠰ ᠬᠤᠳᠠ ᠵᠢᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠮᠠᠰᠢᠨ ᠲᠡᠷᠭᠡᠨ᠎ᠤ ᠳᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠪᠣᠯᠣᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠮᠠᠰᠢᠨ ᠲᠡᠷᠭᠡᠨ᠎ᠤ 《ᠲᠡᠷᠭᠡ ᠵᠠᠮ ᠡᠭᠦᠯᠡᠨ ᠪᠣᠳᠣᠯᠲᠠ ᠵᠢ ᠨᠢᠭᠡ ᠴᠣᠭᠴᠠᠵᠢᠭᠤᠯᠬᠤ》 ᠨᠢᠭᠡᠳᠦᠯᠲᠡᠢ ᠠᠵᠢᠯᠯᠠᠭ᠋ᠠᠨ᠎ᠤ ᠲᠤᠩᠬᠠᠭ᠎ᠢ ᠨᠡᠶ᠋ᠢᠲᠡᠯᠡᠵᠦ᠂ ᠣᠷᠳᠣᠰ ᠬᠤᠳᠠ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠠᠮᠢ ᠠᠬᠤᠢ ᠵᠢᠨ ᠬᠥᠭᠵᠢᠯᠲᠡ ᠵᠢᠨ ᠰᠠᠭᠤᠷᠢ ᠮᠥᠩᠭᠦ ᠵᠢ ᠤᠬᠠᠭᠤᠯᠤᠨ ᠲᠠᠨᠢᠯᠴᠠᠭᠤᠯᠵᠤ᠂ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠠᠭᠤᠷᠬᠠᠢ ᠵᠢᠨ ᠺᠠᠷᠲ᠎ᠤᠨ ᠪᠠᠷᠢᠮᠵᠢᠶ᠎ᠠ ᠪᠣᠯᠣᠨ ᠰᠢᠯᠭ᠋ᠠᠨ ᠦᠨᠡᠯᠡᠬᠦ ᠰᠢᠰᠲ᠋ᠧᠮ᠎ᠢ ᠠᠰᠢᠭᠯᠠᠯᠲᠠ᠎ᠳᠤ ᠣᠷᠣᠭᠤᠯᠵᠤ᠂ ᠳᠤᠮᠳᠠᠳᠤ ᠤᠯᠤᠰ᠎ᠤᠨ ᠨᠡᠭᠦᠳᠡᠯ ᠬᠤᠯᠪᠣᠭ᠎ᠠ ᠪᠣᠯᠣᠨ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ ᠵᠢᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠳᠦᠷᠦᠯ ᠵᠦᠢ᠍ᠯ᠎ᠢ ᠨᠡᠶ᠋ᠢᠲᠡᠯᠡᠪᠡ᠃ ᠬᠤᠷᠠᠯ ᠳᠡᠭᠡᠷ᠎ᠡ ᠪᠠᠰᠠ ᠱᠧᠨᠵᠧᠨ᠎ᠤ ᠲᠤᠭ᠎ᠠ ᠪᠠᠷᠢᠮᠲᠠ ᠵᠢᠨ ᠰᠣᠯᠢᠯᠴᠠᠭ᠋ᠠᠨ᠎ᠤ ᠭᠠᠵᠠᠷ᠎ᠤᠨ ᠣᠷᠳᠣᠰ᠎ᠲᠠᠬᠢ ᠲᠤᠭ᠎ᠠ ᠪᠠᠷᠢᠮᠲᠠ ᠵᠢᠨ ᠡᠯᠧᠮᠧᠨ᠋ᠲ᠎ᠤᠨ ᠦᠢ᠍ᠯᠡᠴᠢᠯᠡᠭᠡᠨ᠎ᠤ ᠠᠵᠢᠯ᠎ᠤᠨ ᠦᠷᠳᠡᠭᠡ ᠵᠢᠨ ᠫᠠᠶ᠋ᠢᠰᠠ ᠵᠢ ᠰᠡᠬᠦᠵᠦ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠤᠯᠤᠰ᠎ᠤᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠮᠠᠰᠢᠨ ᠲᠡᠷᠭᠡᠨ᠎ᠤ ᠰᠢᠨ᠎ᠡ ᠵᠢ ᠡᠭᠦᠳᠬᠦ ᠲᠥᠪ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠳᠡᠯᠴᠡᠭᠡᠷ ᠲᠣᠭᠲᠠᠵᠤ᠂ ᠣᠷᠳᠣᠰ ᠬᠤᠳᠠ ᠵᠢᠨ ᠣᠶᠤᠨᠴᠢ ᠰᠦᠯᠵᠢᠶᠡᠨ᠎ᠤ ᠬᠤᠯᠪᠣᠭ᠋ᠠᠨ᠎ᠤ ᠮᠠᠰᠢᠨ ᠲᠡᠷᠭᠡᠨ᠎ᠤ ᠠᠵᠤ ᠦᠢ᠍ᠯᠡᠰ᠎ᠤᠨ ᠠᠮᠢ ᠠᠬᠤᠢ ᠵᠢᠨ ᠬᠥᠭᠵᠢᠯᠲᠡ ᠵᠢᠨ ᠬᠤᠯᠪᠣᠭ᠎ᠠ ᠵᠢᠨ ᠡᠬᠢᠯᠡᠯᠲᠡ ᠵᠢᠨ ᠶᠣᠰᠣᠯᠠᠯ᠎ᠢ ᠶᠠᠪᠤᠭᠳᠠᠭᠤᠯᠪᠠ᠃
 

ᠢᠷᠡᠯᠲᠡ᠄ ᠣᠷᠳᠣᠰ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            