12 ᠰᠠᠷ᠎ᠠ ᠵᠢᠨ 20᠎ᠤ ᠡᠳᠦᠷ᠎ᠠᠴᠠ 21᠎ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠥᠷ ᠮᠣᠩᠭᠤᠯ᠎ᠤᠨ ᠨᠠᠷᠠᠲᠤ ᠲᠡᠮᠳᠡᠭ᠎ᠤᠨ ᠶᠡᠭᠡ ᠬᠤᠷᠠᠯ ᠬᠥᠬᠡᠬᠤᠲᠠ᠎ᠳᠤ ᠬᠤᠷᠠᠯᠳᠤᠪᠠ᠃ ᠲᠣᠰ ᠤᠳᠠᠭ᠋ᠠᠨ᠎ᠤ ᠶᠡᠭᠡ ᠬᠤᠷᠠᠯ᠎ᠨᠢ 《ᠨᠠᠷᠠᠲᠤ ᠲᠡᠮᠳᠡᠭᠲᠦ ᠵᠢᠨ ᠬᠦᠴᠦᠨ᠎ᠢ ᠬᠤᠷᠠᠮᠳᠤᠭᠤᠯᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠵᠤ᠂ ᠮᠠᠰᠢ ᠣᠯᠠᠨ ᠨᠠᠷᠠᠲᠤ ᠠᠵᠤ ᠠᠬᠤᠶ᠋ᠢᠯᠠᠯ ᠪᠠ ᠨᠠᠷᠠᠲᠤ ᠲᠡᠮᠳᠡᠭᠲᠦ ᠵᠢᠨ ᠡᠵᠡᠩᠨᠡᠯᠲᠡ ᠵᠢᠨ ᠬᠤᠳᠠᠯᠳᠤᠭ᠋ᠠᠴᠢᠨ ᠣᠷᠣᠯᠴᠠᠵᠠᠶ᠃ ᠥᠪᠥᠷ ᠮᠣᠩᠭᠤᠯ᠎ᠤᠨ ᠪᠠᠶᠠᠨ ᠪᠣᠬᠢᠷᠲᠤᠯ ᠦᠭᠡᠢ ᠦᠢ᠍ᠯᠡᠰ᠎ᠤᠨ ᠠᠵᠤ ᠦᠢ᠍ᠯᠡᠰ (ᠪᠦᠯᠦᠭᠯᠡᠯ)᠎ᠤᠨ ᠬᠢᠵᠠᠭ᠋ᠠᠷᠲᠤ ᠺᠣᠮᠫᠠᠨᠢ᠎ᠨᠢ ᠤᠷᠢᠯᠭ᠎ᠠ᠎ᠪᠠᠷ ᠲᠣᠰ ᠤᠳᠠᠭ᠋ᠠᠨ᠎ᠤ ᠦᠪᠡᠳᠡᠭᠰᠢ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠥᠪᠥᠷ ᠮᠣᠩᠭᠤᠯ᠎ᠤᠨ ᠨᠠᠷᠠᠲᠤ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢ ᠠᠬᠢᠭᠤᠯᠬᠤ ᠨᠡᠶ᠋ᠢᠭᠡᠮᠯᠢᠭ ᠬᠢᠭᠡᠳ 《ᠲᠡᠭᠷᠢ ᠵᠢᠨ ᠬᠡᠰᠢᠭᠲᠦ ᠪᠣᠷᠣᠲᠣᠬᠤᠶ》 《ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠶ ᠵᠢᠨ ᠨᠠᠷᠠᠲᠤ ᠲᠡᠮᠳᠡᠭᠲᠦ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》 ᠲᠣᠭᠲᠠᠪᠠ᠃ 2024 ᠣᠨ᠎ᠳᠤ ᠥᠪᠥᠷ ᠮᠣᠩᠭᠤᠯ᠎ᠤᠨ ᠨᠠᠷᠠᠲᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠦᠨᠡᠯᠡᠯᠲᠡ ᠵᠢᠨ ᠵᠠᠩᠭᠢᠯᠠᠭ᠎ᠠ ᠵᠢᠨ ᠳᠤᠮᠳᠠ᠂ 《ᠲᠡᠭᠷᠢ ᠵᠢᠨ ᠬᠡᠰᠢᠭᠲᠦ ᠪᠣᠷᠣᠲᠣᠬᠤᠶ》᠎ᠨᠢ ᠥᠪᠥᠷ ᠮᠣᠩᠭᠤᠯ᠎ᠤᠨ ᠨᠠᠷᠠᠲᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ᠎ᠪᠠᠷ ᠦᠨᠡᠯᠡᠭᠳᠡᠪᠡ᠃ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠨᠡᠷᠡᠲᠦ ᠲᠡᠮᠳᠡᠭ᠎ᠤᠨ ᠥᠷᠲᠡᠭ᠎ᠨᠢ 309.67 ᠶᠡᠭᠡ ᠬᠤᠷᠠᠯ᠎ᠤᠨ ᠬᠤᠭᠤᠴᠠᠭ᠋ᠠᠨ᠎ᠳᠤ᠂ ᠪᠠᠶᠠᠨ ᠪᠣᠬᠢᠷᠲᠤᠯ ᠦᠭᠡᠢ ᠦᠢ᠍ᠯᠡᠰ᠎ᠤᠨ ᠪᠦᠯᠦᠭᠯᠡᠯ᠎ᠤᠨ ᠳᠡᠳ᠋ ᠶᠡᠷᠦᠩᠬᠡᠢ ᠳᠠᠭ᠋ᠠᠭ᠋ᠠᠮᠠᠯ ᠯᠢ ᠮᠢᠩ ᠺᠣᠮᠫᠠᠨᠢ ᠵᠢ ᠲᠥᠯᠥᠭᠡᠯᠡᠨ ᠥᠪᠥᠷ ᠮᠣᠩᠭᠤᠯ᠎ᠤᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠲᠦᠷᠦᠯ ᠲᠡᠮᠳᠡᠭ᠎ᠤᠨ ᠬᠥᠭᠵᠢᠯᠲᠡ ᠵᠢᠨ ᠲᠣᠭᠤᠷᠢᠭ ᠰᠢᠷᠡᠭᠡᠨ᠎ᠤ ᠶᠠᠷᠢᠶᠠᠨ᠎ᠤ ᠲᠠᠪᠴᠠᠩ᠎ᠳᠤ ᠣᠷᠣᠯᠴᠠᠪᠠ᠃
ᠲᠣᠰ ᠶᠠᠷᠢᠶᠠᠨ᠎ᠤ ᠲᠠᠪᠴᠠᠩ᠎ᠨᠢ ᠶᠡᠭᠡ ᠬᠤᠷᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠂ ᠲᠤᠯᠭ᠋ᠠᠷᠠᠵᠤ ᠪᠠᠶ᠋ᠢᠭ᠎ᠠ ᠥᠷᠢᠰᠥᠯᠳᠦᠭᠡᠨ ᠵᠢᠴᠢ ᠢᠷᠡᠭᠡᠳᠦᠶ ᠵᠢᠨ ᠬᠥᠭᠵᠢᠯᠲᠡ ᠵᠢᠨ ᠴᠢᠭᠯᠡᠯ᠎ᠢ ᠰᠤᠳᠤᠯᠤᠨ ᠶᠠᠷᠢᠯᠴᠠᠬᠤ ᠵᠢᠨ ᠲᠥᠯᠥᠭᠡ ᠶᠤᠮ᠃ ᠶᠠᠷᠢᠶᠠᠨ᠎ᠤ ᠲᠠᠪᠴᠠᠩ ᠳᠡᠭᠡᠷ᠎ᠡ᠂ ᠳᠡᠳ᠋ ᠶᠡᠷᠦᠩᠬᠡᠶ ᠳᠠᠭ᠋ᠠᠭ᠋ᠠᠮᠠᠯ ᠯᠢ ᠮᠢᠩ ᠪᠥᠬᠦ ᠣᠷᠣᠨ᠎ᠤ ᠡᠯ᠎ᠡ ᠭᠠᠵᠠᠷ᠎ᠠᠴᠠ ᠢᠷᠡᠭᠰᠡᠨ ᠨᠠᠷᠠᠲᠤ ᠲᠡᠮᠳᠡᠭᠲᠦ ᠵᠢᠨ ᠡᠵᠡᠩᠨᠡᠯᠲᠡ ᠵᠢᠨ ᠬᠤᠳᠠᠯᠳᠤᠭ᠋ᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠨᠠᠷ᠎ᠲᠠᠢ ᠭᠦᠨᠵᠡᠭᠡᠶ ᠰᠣᠯᠢᠯᠴᠠᠨ ᠶᠠᠷᠢᠯᠴᠠᠵᠤ᠂ ᠪᠠᠶᠠᠨ ᠪᠣᠬᠢᠷᠲᠤᠯ ᠦᠭᠡᠢ ᠦᠢ᠍ᠯᠡᠰ᠎ᠤᠨ ᠪᠦᠯᠦᠭᠯᠡᠯ᠎ᠤᠨ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠨᠠᠷᠠᠲᠤ ᠲᠡᠮᠳᠡᠭᠲᠦ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠠᠮᠵᠢᠯᠲᠠ᠎ᠲᠠᠢ ᠲᠤᠷᠰᠢᠯᠭ᠎ᠠ ᠵᠢ ᠬᠤᠪᠢᠶᠠᠯᠴᠠᠪᠠ᠃
ᠲᠣᠰ ᠤᠳᠠᠭ᠋ᠠᠨ᠎ᠤ ᠥᠪᠥᠷ ᠮᠣᠩᠭᠤᠯ᠎ᠤᠨ ᠨᠠᠷᠠᠲᠤ ᠲᠡᠮᠳᠡᠭᠲᠦ ᠵᠢᠨ ᠶᠡᠭᠡ ᠬᠤᠷᠠᠯ᠎ᠳᠤ ᠣᠷᠣᠯᠴᠠᠬᠤ᠎ᠳᠤ᠂ 《ᠲᠡᠭᠷᠢ ᠵᠢᠨ ᠬᠡᠰᠢᠭᠲᠦ ᠪᠣᠷᠣᠲᠣᠬᠤᠶ》᠎ᠳᠤ ᠲᠣᠰ ᠪᠡᠶ᠎ᠡ ᠵᠢᠨ ᠪᠣᠳᠠᠲᠤ ᠬᠦᠴᠦᠨ ᠪᠠ ᠴᠤᠭ ᠵᠢᠪᠬᠤᠭ᠎ᠠ᠎ᠪᠠᠨ ᠢᠯᠡᠷᠡᠭᠦᠯᠬᠦ ᠲᠠᠪᠴᠠᠩ ᠬᠠᠩᠭ᠋ᠠᠵᠤ᠂ ᠨᠠᠩ ᠪᠦᠯᠦᠭᠯᠡᠯ ᠺᠣᠮᠫᠠᠨᠢ ᠬᠢᠭᠡᠳ ᠪᠥᠬᠦ ᠣᠷᠣᠨ᠎ᠤ ᠡᠯ᠎ᠡ ᠭᠠᠵᠠᠷ᠎ᠤᠨ ᠨᠠᠷᠠᠲᠤ ᠲᠡᠮᠳᠡᠭᠲᠦ ᠵᠢᠨ ᠡᠵᠡᠩᠨᠡᠯᠲᠡ ᠵᠢᠨ ᠬᠤᠳᠠᠯᠳᠤᠭ᠋ᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠰᠠᠨᠠᠯ ᠵᠶ᠋ᠠᠨ ᠰᠣᠯᠢᠯᠴᠠᠬᠤ ᠬᠥᠭᠦᠷᠭᠡ ᠪᠠᠶ᠋ᠢᠭᠤᠯᠤᠭᠰᠠᠨ ᠪᠠᠶ᠋ᠢᠨ᠎ᠠ᠃ ᠪᠠᠶᠠᠨ ᠪᠣᠬᠢᠷᠲᠤᠯ ᠦᠭᠡᠢ ᠦᠢ᠍ᠯᠡᠰ᠎ᠤᠨ ᠪᠦᠯᠦᠭᠯᠡᠯ ᠲᠣᠰ ᠤᠳᠠᠭ᠋ᠠᠨ᠎ᠤ ᠶᠡᠭᠡ ᠬᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠨᠠᠷᠠᠲᠤ ᠲᠡᠮᠳᠡᠭᠲᠦ ᠵᠢᠨ ᠪᠠᠶ᠋ᠢᠭᠤᠯᠤᠯᠲᠠ ᠪᠠ ᠵᠠᠬ᠎ᠠ ᠳᠡᠯᠭᠡᠭᠦᠷ᠎ᠢ ᠳᠡᠯᠭᠡᠷᠡᠭᠦᠯᠬᠦ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠠᠩ ᠣᠯᠠᠨ ᠪᠠᠶᠠᠨᠨᠠᠭᠤᠷ᠎ᠤᠨ ᠴᠢᠨᠠᠷ ᠰᠠᠶ᠋ᠢᠲᠠᠶ ᠲᠠᠷᠢᠶᠠᠯᠠᠩ᠎ᠤᠨ ᠭᠠᠷᠤᠯᠲᠠ ᠵᠢ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠴᠢᠷᠮᠠᠶ᠋ᠢᠵᠤ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃