(ᠰᠤᠷᠪᠤᠯᠵᠢᠯᠠᠭᠴᠢ ᠶᠦᠨ ᠶᠠᠨ ᠹᠠᠩ) ᠣᠶ᠋ᠢᠷ᠎ᠠ᠎ᠳᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠣᠯᠲᠠ ᠵᠢᠨ ᠠᠬᠢᠭᠤᠯᠬᠤ ᠬᠤᠷᠠᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠰᠠᠭᠤᠷᠢᠨ ᠭᠠᠵᠠᠷ᠎ᠤᠨ 13 ᠬᠤᠪᠢᠰᠬᠠᠯ᠎ᠤᠨ ᠣᠷᠳᠣᠨ᠎ᠳᠤ 〈ᠬᠤᠪᠢᠰᠬᠠᠯ᠎ᠤᠨ ᠵᠣᠷᠢᠭ ᠰᠠᠨᠠᠭ᠋ᠠᠨ᠎ᠤ ᠬᠥᠮᠦᠵᠢᠯ᠎ᠤᠨ ᠰᠠᠭᠤᠷᠢᠨ ᠭᠠᠵᠠᠷ〉᠎ᠤᠨ ᠫᠠᠶ᠋ᠢᠰᠠ ᠣᠯᠭᠤᠬᠤ ᠲᠤᠬᠠᠢ ᠲᠣᠭᠲᠠᠭ᠋ᠠᠯ》 ᠭᠠᠷᠭ᠋ᠠᠵᠤ᠂ ᠡᠭᠦᠨ᠎ᠳᠤ ᠦᠴᠤᠸᠠᠨ ᠰᠢᠶᠠᠨ᠎ᠤ 《ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠫᠠᠷᠲ᠋ᠢᠽᠠᠨ ᠲᠠᠶ᠋ᠢᠨ᠎ᠤ ᠰᠠᠭᠤᠷᠢᠨ ᠭᠠᠵᠠᠷ᠎ᠤᠨ ᠦᠵᠡᠭᠦᠯᠦᠯᠭᠡ ᠵᠢᠨ ᠣᠷᠳᠣᠨ》᠂ ᠲᠦᠮᠡᠳ ᠵᠡᠭᠦᠨ ᠬᠤᠰᠢᠭᠤᠨ᠎ᠤ 《ᠤᠯᠠᠭ᠋ᠠᠨᠬᠦᠦ ᠵᠢᠨ ᠬᠠᠭᠤᠴᠢᠨ ᠰᠠᠭᠤᠴᠠ》᠂ ᠰᠢᠨ᠎ᠡ ᠬᠤᠲᠠ ᠲᠣᠭᠤᠷᠢᠭ᠎ᠤᠨ 《ᠳᠠᠯᠠᠨ ᠬᠠᠷ᠎ᠠ ᠠᠭᠤᠯᠠ ᠵᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ》᠂ ᠴᠢᠩ ᠱᠦᠢ ᠾᠧ ᠰᠢᠶᠠᠨ᠎ᠤ 《ᠯᠤᠤ ᠨᠢᠦ ᠫᠦᠸᠧ ᠨᠠᠮ᠎ᠤᠨ ᠡᠭᠦᠷ᠎ᠤᠨ ᠬᠠᠭᠤᠴᠢᠨ ᠪᠠᠭᠤᠷᠢ》 ᠵᠡᠷᠭᠡ 4 ᠬᠤᠪᠢᠰᠬᠠᠯ᠎ᠤᠨ ᠣᠷᠳᠣᠨ ᠵᠢᠭᠰᠠᠭ᠋ᠠᠭᠳᠠᠪᠠ᠃ 11 ᠳ᠋ᠦ᠍ᠭᠡᠷ ᠰᠠᠷ᠎ᠠ ᠵᠢᠨ 14᠎ᠤ ᠡᠳᠦᠷ᠂ ᠥᠪᠥᠷ ᠮᠣᠩᠭᠤᠯ᠂ ᠬᠥᠬᠡᠬᠤᠲᠠ ᠬᠤᠶᠠᠷ ᠱᠠᠲᠤᠨ᠎ᠤ ᠬᠤᠪᠢᠰᠬᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠨᠡᠶ᠋ᠢᠭᠡᠮᠯᠢᠭ ᠳᠠᠯᠠᠨ ᠬᠠᠷ᠎ᠠ ᠠᠭᠤᠯᠠ ᠵᠢᠨ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠤ ᠫᠠᠶ᠋ᠢᠰᠠ ᠣᠯᠭᠤᠬᠤ ᠶᠣᠰᠣᠯᠠᠯ ᠶᠠᠪᠤᠭᠤᠯᠪᠠ᠃ ᠣᠶ᠋ᠢᠯᠠᠭ᠋ᠠᠭᠰᠠᠨ ᠵᠶ᠋ᠠᠷ᠂ ᠮᠠᠨ᠎ᠤ ᠬᠤᠲᠠ ᠵᠢᠨ ᠡᠨᠡ 4 《ᠬᠤᠪᠢᠰᠬᠠᠯ᠎ᠤᠨ ᠵᠣᠷᠢᠭ ᠰᠠᠨᠠᠭ᠋ᠠᠨ᠎ᠤ ᠬᠥᠮᠦᠵᠢᠯ᠎ᠤᠨ ᠰᠠᠭᠤᠷᠢᠨ ᠭᠠᠵᠠᠷ》᠎ᠤᠨ ᠠᠭᠤᠯᠭ᠎ᠠ᠎ᠨᠢ ᠢᠯᠡ ᠲᠣᠳᠣ᠂ ᠬᠤᠪᠢᠰᠬᠠᠯ᠎ᠤᠨ ᠰᠠᠭᠤᠷᠢᠨ ᠭᠠᠵᠠᠷ᠎ᠤᠨ ᠪᠠᠶ᠋ᠢᠭᠤᠯᠤᠭᠰᠠᠨ ᠲᠡᠦᠬᠡ ᠪᠠ ᠲᠡᠦᠬᠡᠲᠦ ᠬᠤᠪᠢ ᠨᠡᠮᠡᠷᠢ ᠵᠢ ᠬᠦᠢ᠍ᠴᠡᠳ ᠳᠡᠯᠭᠡᠨ ᠦᠵᠡᠭᠦᠯᠵᠦ᠂ ᠬᠤᠪᠢᠰᠬᠠᠯ᠎ᠤᠨ ᠰᠠᠭᠤᠷᠢᠨ ᠭᠠᠵᠠᠷ᠎ᠤᠨ ᠵᠣᠷᠢᠭ ᠰᠠᠨᠠᠭ᠋ᠠᠨ᠎ᠤ ᠭᠦᠨᠵᠡᠭᠡᠶ ᠠᠭᠤᠯᠤᠭᠳᠠᠬᠤᠨ᠎ᠢ ᠣᠯᠠᠨ᠎ᠳᠤ ᠤᠬᠠᠭᠤᠯᠪᠠ᠃ ᠰᠠᠭᠤᠷᠢ ᠠᠵᠢᠯ᠎ᠨᠢ ᠯᠠᠪᠳᠠᠭᠤᠨ ᠪᠠᠲᠤᠲᠠᠶ᠂ ᠣᠷᠳᠣᠨ᠎ᠤ ᠲᠥᠬᠦᠭᠡᠷᠦᠮᠵᠢ ᠪᠦᠷᠢᠨ ᠲᠥᠬᠦᠷ᠂ ᠤᠬᠠᠭᠤᠯᠤᠨ ᠲᠠᠶ᠋ᠢᠯᠪᠤᠷᠢᠯᠠᠬᠤ ᠮᠠᠲ᠋ᠧᠷᠢᠶᠠᠯ᠎ᠨᠢ ᠨᠠᠷᠢᠨ ᠪᠣᠳᠠᠲᠠᠶ ᠪᠥᠭᠡᠳ ᠠᠮᠢᠳᠤᠯᠢᠭ᠃ ᠬᠠᠮᠢᠶᠠᠷᠤᠯᠲᠠ᠎ᠨᠢ ᠵᠢᠷᠤᠮᠵᠢᠯ᠎ᠲᠠᠢ᠂ ᠪᠠᠶ᠋ᠢᠭᠤᠯᠤᠮᠵᠢ ᠪᠦᠷᠢᠨ᠂ ᠳᠦᠷᠢᠮ ᠲᠣᠭᠲᠠᠭ᠋ᠠᠯ ᠪᠠ ᠵᠠᠷᠤᠳᠠᠯ᠎ᠨᠢ ᠨᠠᠶ᠋ᠢᠳᠠᠪᠤᠷᠢᠲᠠᠢ᠃ ᠴᠢᠳᠠᠮᠵᠢ ᠦᠢ᠍ᠯᠡᠳᠦᠯ᠎ᠨᠢ ᠢᠯᠡᠷᠬᠡᠶ᠂ ᠨᠡᠯᠢᠶᠡᠳ ᠥᠨᠳᠥᠷ ᠠᠯᠳᠠᠷᠰᠢᠯ ᠪᠠ ᠦᠵᠡᠭᠴᠢᠳ᠎ᠤᠨ ᠤᠷᠤᠰᠬᠠᠯ᠎ᠤᠨ ᠬᠡᠮᠵᠢᠶ᠎ᠡ᠎ᠲᠠᠢ᠂ ᠨᠡᠶ᠋ᠢᠭᠡᠮ᠎ᠤᠨ ᠨᠥᠯᠥᠭᠡ᠎ᠨᠢ ᠥᠷᠭᠡᠨ ᠳᠡᠯᠭᠡᠷ ᠪᠠᠶ᠋ᠢᠳᠠᠭ᠃ ᠳᠠᠷᠠᠭ᠋ᠠᠴᠢ ᠵᠢᠨ ᠠᠯᠬᠤᠮ᠎ᠳᠤ᠂ ᠬᠥᠬᠡᠬᠤᠲᠠ ᠵᠢᠨ ᠬᠤᠪᠢᠰᠬᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠣᠯᠲᠠ ᠵᠢᠨ ᠠᠬᠢᠭᠤᠯᠬᠤ ᠬᠤᠷᠠᠯ᠎ᠨᠢ ᠠᠮᠵᠢᠯᠲᠠ᠎ᠪᠠᠨ ᠪᠠᠳᠠᠷᠠᠭᠤᠯᠵᠤ᠂ ᠦᠷᠭᠦᠯᠵᠢᠯᠡ ᠴᠢᠷᠮᠠᠶ᠋ᠢᠵᠤ᠂ ᠬᠤᠪᠢᠰᠬᠠᠯ᠎ᠤᠨ ᠰᠠᠭᠤᠷᠢᠨ ᠭᠠᠵᠠᠷ᠎ᠤᠨ ᠦᠯᠡᠳᠡᠭᠳᠡᠯ ᠣᠷᠳᠣᠨ᠎ᠢ ᠬᠠᠮᠠᠭ᠋ᠠᠯᠠᠵᠤ ᠰᠡᠯᠪᠢᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠪᠠ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠴᠢᠩᠭ᠋ᠠᠳᠬᠠᠬᠤ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠳᠡᠭᠡᠷ ᠬᠤᠪᠢᠰᠬᠠᠯ᠎ᠤᠨ ᠣᠷᠳᠣᠨ᠎ᠢ ᠲᠤᠰ ᠪᠡᠶ᠎ᠡ ᠵᠢᠨ ᠳᠠᠪᠠᠭᠤᠯᠢᠭ ᠵᠶ᠋ᠠᠨ ᠨᠡᠩ ᠰᠠᠶ᠋ᠢᠲᠤᠷ ᠪᠠᠳᠠᠷᠠᠭᠤᠯᠵᠤ᠂ ᠬᠤᠪᠢᠰᠬᠠᠯ᠎ᠤᠨ ᠤᠯᠠᠮᠵᠢᠯᠠᠯ ᠪᠠ ᠵᠣᠷᠢᠭ ᠰᠠᠨᠠᠭ᠎ᠠ ᠵᠢ ᠤᠬᠠᠭᠤᠯᠤᠨ ᠪᠠᠳᠠᠷᠠᠭᠤᠯᠵᠤ᠂ ᠬᠥᠮᠦᠨ᠎ᠢ ᠬᠦᠮᠦᠵᠢᠭᠦᠯᠦᠨ ᠵᠣᠷᠢᠭ᠎ᠢ ᠨᠢᠭᠲᠠᠷᠠᠭᠤᠯᠬᠤ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠨ᠎ᠠ᠃ ᠡᠭᠦᠨ᠎ᠤ ᠬᠠᠮᠲᠤ᠂ ᠳᠡᠯᠭᠡᠨ ᠦᠵᠡᠭᠦᠯᠬᠦ ᠠᠭᠤᠯᠭ᠎ᠠ ᠵᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠢᠵᠢ ᠪᠦᠷᠢᠳᠦᠭᠦᠯᠦᠭᠰᠡᠨ ᠲᠥᠬᠦᠭᠡᠷᠦᠮᠵᠢ ᠵᠢ ᠲᠡᠭᠦᠯᠳᠡᠷᠵᠢᠭᠦᠯᠦᠨ᠂ ᠬᠤᠪᠢᠰᠬᠠᠯ᠎ᠤᠨ ᠣᠷᠣᠨ᠎ᠤ ᠵᠣᠷᠢᠭ ᠰᠠᠨᠠᠭ᠎ᠠ ᠵᠢ ᠤᠬᠠᠭᠤᠯᠤᠨ ᠪᠠᠳᠠᠷᠠᠭᠤᠯᠬᠤ᠂ ᠬᠤᠪᠢᠰᠬᠠᠯ᠎ᠤᠨ ᠤᠳᠤᠮᠰᠢᠯ᠎ᠢ ᠦᠷᠭᠦᠯᠵᠢᠯᠡᠨ ᠤᠯᠠᠮᠵᠢᠯᠠᠬᠤ᠎ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃