ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠮᠲᠤᠷᠠᠨ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠵᠢᠭᠤᠯᠴᠢᠯᠠᠯ᠎ᠤᠨ ᠳᠥᠷᠪᠡᠳᠦᠭᠡᠷ ᠪᠦᠯᠦᠭ᠎ᠤᠨ ᠭᠤᠤᠯᠳᠠᠯᠭ᠎ᠠ ᠪᠣᠯᠬᠤ ᠲᠣᠰᠬᠤᠨ ᠪᠠᠯᠭ᠋ᠠᠰᠤ ᠵᠢᠨ ᠨᠡᠷᠡᠰ᠎ᠢ ᠨᠡᠶ᠋ᠢᠲᠡᠯᠡᠬᠦ ᠲᠤᠬᠠᠶ ᠮᠡᠳᠡᠭᠳᠡᠯ》᠎ᠢ ᠨᠡᠶ᠋ᠢᠲᠡᠯᠡᠵᠦ᠂ ᠮᠠᠨ᠎ᠤ ᠬᠤᠲᠠ ᠵᠢᠨ ᠲᠦᠮᠡᠳ ᠪᠠᠷᠠᠭᠤᠨ ᠬᠤᠰᠢᠭᠤᠨ᠎ᠤ ᠮᠧᠶ ᠳ᠋ᠠᠶ ᠴᠢᠶᠣᠤ ᠲᠣᠰᠬᠤᠨ᠂ ᠳ᠋ᠦᠩ ᠾᠧ ᠲᠣᠭᠤᠷᠢᠭ᠎ᠤᠨ ᠠᠳᠤᠭᠤᠴᠢᠨ ᠠᠶ᠋ᠢᠯ ᠲᠣᠰᠬᠤᠨ ᠳᠥᠷᠪᠡᠳᠦᠭᠡᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠤᠤᠯᠳᠠᠯᠭ᠎ᠠ ᠪᠣᠯᠬᠤ ᠲᠣᠰᠬᠤᠨ ᠪᠠᠯᠭ᠋ᠠᠰᠤᠨ᠎ᠳᠤ ᠠᠮᠵᠢᠯᠲᠠ᠎ᠲᠠᠢ ᠰᠣᠩᠭᠤᠭᠳᠠᠪᠠ᠃ 1. ᠮᠧᠢ ᠳ᠋ᠠᠢ ᠴᠢᠶᠣᠣ ᠲᠣᠰᠬᠤᠨ ᠮᠧᠢ ᠳ᠋ᠠᠢ ᠴᠢᠶᠣᠤ ᠲᠣᠰᠬᠤᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠠᠩᠬᠠᠨ᠎ᠤ ᠠᠮᠢ ᠠᠬᠤᠶ ᠵᠢᠨ ᠣᠶ ᠵᠢᠨ ᠬᠠᠮᠠᠭ᠋ᠠᠯᠠᠯᠲᠠ ᠵᠢᠨ ᠣᠷᠣᠨ᠎ᠤ ᠡᠮᠦᠨ᠎ᠡ ᠬᠡᠰᠡᠭ᠎ᠲᠤ ᠪᠠᠶ᠋ᠢᠷᠢᠯᠠᠵᠤ᠂ ᠲᠣᠰᠬᠤᠨ᠎ᠤ ᠬᠤᠶ᠋ᠢᠲᠤ ᠵᠠᠬ᠎ᠠ ᠵᠢᠨ ᠵᠢᠦ ᠹᠧᠩ ᠱᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠥᠪᠥᠷ ᠮᠣᠩᠭᠤᠯ᠎ᠤᠨ ᠠᠷᠪᠠᠨ ᠶᠡᠭᠡ ᠪᠠᠶ᠋ᠢᠭ᠋ᠠᠯᠢ ᠵᠢᠨ ᠦᠵᠡᠮᠵᠢ᠎ᠪᠠᠷ ᠰᠣᠩᠭᠤᠭᠳᠠᠵᠤ᠂ ᠵᠡᠭᠦᠨ ᠪᠠᠷᠠᠭᠤᠨ ᠲᠠᠯ᠎ᠠ᠎ᠨᠢ ᠴᠡᠯᠡᠭᠡᠷ ᠲᠠᠯ᠎ᠠ ᠵᠢᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ ᠪᠣᠯᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠠᠢ ᠲᠤᠰ ᠲᠤᠰ ᠵᠠᠯᠭ᠋ᠠᠯᠳᠤᠵᠤ᠂ ᠲᠦᠮᠡᠳ ᠪᠠᠷᠠᠭᠤᠨ ᠬᠤᠰᠢᠭᠤᠨ᠎ᠤ ᠭᠠᠳᠠᠭ᠋ᠠᠳᠤ᠎ᠳᠤ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠤᠨ᠎ᠠ᠃ ᠣᠲᠣ ᠵᠢᠨ ᠪᠠᠶ᠋ᠢᠭ᠎ᠠ ᠪᠠᠶ᠋ᠢᠭ᠋ᠠᠯᠢ ᠵᠢᠨ ᠣᠷᠴᠢᠨ ᠲᠣᠭᠤᠷᠢᠨ ᠪᠠ ᠭᠠᠵᠠᠷ ᠵᠦᠶ ᠵᠢᠨ ᠳᠠᠪᠠᠭᠤᠯᠢᠭ ᠵᠶ᠋ᠠᠨ ᠠᠰᠢᠭᠯᠠᠨ 5000 ᠺᠦᠸᠠᠲ ᠮᠧᠳ᠋ᠷ ᠭᠠᠵᠠᠷ ᠡᠵᠡᠯᠡᠭᠰᠡᠨ ᠡᠷᠲᠡᠨ᠎ᠤ ᠲᠣᠰᠬᠤᠨ᠎ᠤ ᠬᠡᠭᠡᠷ᠎ᠡ ᠪᠠᠭᠤᠳᠠᠯᠯᠠᠬᠤ ᠭᠠᠵᠠᠷ᠎ᠢ ᠪᠠᠶ᠋ᠢᠭᠤᠯᠵᠤ᠂ ᠤᠯᠠᠮᠵᠢᠯᠠᠯᠲᠤ ᠡᠷᠲᠡᠨ᠎ᠤ ᠲᠣᠰᠬᠤᠨ᠎ᠤ ᠦᠵᠡᠮᠵᠢᠳᠤ ᠪᠦᠷᠢᠨ ᠲᠡᠭᠦᠯᠳᠡᠷ ᠠᠭᠤᠰᠤᠯᠴᠠᠵᠤ᠂ ᠡᠷᠬᠢᠨ ᠲᠣᠭᠤᠷᠢᠨ᠎ᠨᠢ ᠵᠠᠯᠭ᠋ᠠᠯᠳᠤᠵᠤ ᠪᠠᠶ᠋ᠢᠭ᠎ᠠ ᠵᠠᠭᠤᠨ ᠵᠢᠯ᠎ᠤᠨ ᠲᠡᠦᠬᠡ᠎ᠲᠠᠢ ᠡᠷᠲᠡᠨ᠎ᠤ ᠰᠦᠮ᠎ᠡ ᠵᠢᠨ ᠠᠭᠤᠳᠠᠮ ᠲᠠᠯᠠᠪᠠᠶ᠎ᠲᠠᠢ ᠬᠥᠷᠰᠢᠯᠡᠵᠦ᠂ ᠡᠷᠲᠡᠨ᠎ᠤ ᠰᠢ ᠵᠢᠨ ᠲᠠᠪᠴᠠᠩ᠂ ᠡᠷᠲᠡᠨ᠎ᠤ ᠠᠯᠪᠠᠨ ᠵᠠᠮ᠎ᠲᠠᠢ ᠬᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃ ᠣᠨᠴᠠᠯᠢᠭᠲᠤ ᠠᠷᠠᠳ᠎ᠤᠨ ᠣᠷᠣᠨ ᠰᠠᠭᠤᠴᠠ᠂ ᠰᠢᠷᠠᠮᠠᠯ ᠠᠭᠤᠳᠠᠮ ᠲᠠᠯᠠᠪᠠᠢ᠎ᠳᠤ᠂ ᠥᠪᠡᠷᠲᠡᠭᠡᠨ ᠲᠡᠷᠭᠡ ᠵᠢᠯᠣᠭᠤᠳᠴᠤ ᠲᠡᠷᠭᠡ ᠵᠣᠭᠰᠣᠭ᠋ᠠᠬᠤ 50 ᠭᠠᠷᠤᠶ ᠪᠠᠶ᠋ᠢᠷᠢ᠂ ᠥᠪᠡᠷᠲᠡᠭᠡᠨ ᠲᠡᠷᠭᠡ ᠵᠢᠯᠣᠭᠤᠳᠴᠤ ᠲᠡᠷᠭᠡ ᠵᠣᠭᠰᠣᠭ᠋ᠠᠬᠤ 10 ᠬᠤᠸᠠᠷᠠᠨ᠂ ᠣᠯᠠᠨ ᠮᠠᠶ᠋ᠢᠬᠠᠨᠤ ᠬᠤᠸᠠᠷᠠᠨ᠂ ᠲᠡᠭᠦᠬᠦ᠂ ᠵᠤᠭ᠎ᠠ ᠴᠡᠩᠭᠡᠯ᠂ ᠨᠣᠭᠤᠭ᠋ᠠᠷᠠᠭᠤᠯᠤᠯᠲᠠ ᠵᠡᠷᠭᠡ ᠢᠵᠢ ᠪᠥᠷᠢᠳᠦᠭᠰᠡᠨ ᠲᠥᠬᠦᠭᠡᠷᠦᠮᠵᠢ ᠬᠠᠪᠰᠤᠷᠤᠯᠴᠠᠵᠤ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ ᠪᠠᠶ᠋ᠢᠳᠠᠭ᠃ 2 ᠠᠳᠤᠭᠤᠴᠢᠨ ᠠᠶ᠋ᠢᠯ ᠲᠣᠰᠬᠤᠨ ᠳᠠᠯᠠᠨ ᠬᠠᠷ᠎ᠠ ᠠᠭᠤᠯᠠ ᠵᠢᠨ ᠬᠤᠷᠮᠤᠢ᠎ᠳᠤ ᠪᠠᠶ᠋ᠢᠷᠢᠰᠢᠵᠦ᠂ ᠲᠤᠰᠬᠤᠨ᠎ᠤ ᠳᠠᠯᠠᠪᠠᠢ᠎ᠨᠢ 0.89 ᠺᠦᠸᠠᠲ ᠺᠢᠯᠤᠮᠧᠳ᠋ᠷ᠂ ᠲᠠᠷᠢᠶᠠᠨ ᠭᠠᠵᠠᠷ᠎ᠤᠨ ᠳᠠᠯᠠᠪᠠᠢ᠎ᠨᠢ 610 ᠮᠦ᠍ ᠪᠠᠶ᠋ᠢᠳᠠᠭ᠃ ᠠᠳᠤᠭᠤᠴᠢᠨ ᠠᠶ᠋ᠢᠯ ᠲᠣᠰᠬᠤᠨ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ ᠪᠣᠯᠤᠨ ᠪᠠᠶ᠋ᠢᠭ᠋ᠠᠯᠢ ᠵᠢᠨ ᠠᠮᠢ ᠠᠬᠤᠢ ᠵᠢᠨ ᠣᠷᠴᠢᠨ ᠲᠣᠭᠤᠷᠢᠨ᠎ᠳᠤ᠎ᠪᠠᠨ ᠲᠦᠰᠢᠭᠯᠡᠵᠦ᠂ ᠲᠣᠭᠤᠷᠢᠨ ᠵᠤᠭ᠋ᠠᠴᠠᠬᠤ᠂ ᠬᠠᠷᠢᠯᠴᠠᠨ ᠣᠶ᠋ᠢᠯᠠᠭ᠋ᠠᠯᠴᠠᠬᠤ ᠵᠢ ᠨᠢᠭᠡ ᠴᠤᠬ᠍ᠴᠠᠵᠢᠭᠤᠯᠤᠬᠰᠠᠨ 《ᠪᠢᠴᠢᠯ ᠵᠢᠭᠤᠯᠴᠢᠯᠠᠯ》᠎ᠤᠨ ᠠᠮᠠᠷᠠᠯᠲᠠ ᠵᠢᠨ ᠨᠡᠷᠡᠲᠦ ᠲᠡᠮᠳᠡᠭᠲᠦ ᠵᠢ ᠡᠭᠦᠳᠴᠦ᠂ ᠤᠷᠢᠳ ᠬᠤᠵᠢᠳ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠨᠴᠠᠯᠢᠬᠳᠤ ᠲᠣᠰᠬᠤᠨ᠂ ᠭᠤᠷᠪᠠᠳᠤᠭ᠋ᠠᠷ ᠪᠦᠯᠦᠭ᠎ᠤᠨ ᠪᠦᠬᠦ ᠤᠯᠤᠰ᠎ᠤᠨ ᠬᠥᠳᠡᠭᠡ ᠲᠣᠰᠬᠤᠨ᠎ᠤ ᠵᠠᠰᠠᠯᠲᠠ ᠵᠢᠨ ᠵᠢᠱ᠌ᠢᠶ᠎ᠡ ᠦᠵᠡᠭᠦᠯᠬᠦ ᠲᠣᠰᠬᠤᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠲᠣᠰᠬᠤᠨ᠂ ᠪᠤᠭᠤᠲᠤ ᠬᠤᠳᠠ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢᠱ᠌ᠢᠶ᠎ᠡ ᠦᠵᠡᠭᠦᠯᠬᠦ ᠲᠣᠰᠬᠤᠨ ᠵᠡᠷᠭᠡ ᠢᠷᠠᠭᠤ ᠠᠯᠳᠠᠷ᠎ᠢ ᠬᠦᠷᠲᠡᠪᠡ᠃