ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ᠂ ᠴᠠᠭ᠋ᠠᠨ ᠰᠠᠷ᠎ᠠ ᠵᠢ ᠪᠡᠯᠭᠡᠯᠡᠶ᠎ᠡ》 ᠸᠠᠩ ᠵᠠᠩ ᠢ ᠵᠢᠨ ᠬᠢᠲᠠᠳ ᠵᠢᠷᠤᠭ᠎ᠤᠨ ᠵᠣᠬᠢᠶᠠᠨ ᠪᠦᠲᠦᠭᠡᠯᠭᠡ ᠵᠢᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄ 2024-02-23


     2 ᠰᠠᠷ᠎ᠠ ᠵᠢᠨ 21᠎ᠤ ᠡᠳᠦᠷ᠂ 《ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ · ᠴᠠᠭ᠋ᠠᠨ ᠰᠠᠷ᠎ᠠ ᠵᠢ ᠪᠡᠯᠭᠡᠯᠡᠶ᠎ᠡ》 ᠸᠠᠩ ᠵᠠᠩ ᠢ ᠵᠢᠨ ᠬᠢᠲᠠᠳ ᠵᠢᠷᠤᠭ᠎ᠤᠨ ᠵᠣᠬᠢᠶᠠᠨ ᠪᠦᠲᠦᠭᠡᠯᠭᠡ ᠵᠢᠨ ᠦᠵᠡᠭᠦᠯᠦᠯᠭᠡ ᠤᠳᠤ ᠦᠶ᠎ᠡ ᠵᠢᠨ ᠳᠤᠮᠳᠠᠳᠤ ᠤᠯᠤᠰ᠎ᠤᠨ ᠤᠷᠠᠨ ᠪᠢᠴᠢᠯᠭᠡ ᠵᠢᠨ ᠤᠷᠠᠯᠢᠭ᠎ᠤᠨ ᠣᠷᠳᠣᠨ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ ᠵᠢᠨ ᠰᠤᠳᠤᠯᠭ᠋ᠠᠨ᠎ᠤ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠯᠢᠦ ᠸᠧᠨ ᠵᠢᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ ᠵᠢᠨ ᠰᠤᠳᠤᠯᠭ᠋ᠠᠨ᠎ᠤ ᠣᠷᠳᠣᠨ᠎ᠤ ᠳᠡᠳ᠋ ᠳᠠᠷᠤᠭ᠎ᠠ ᠴᠧᠨ ᡁᠢ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ ᠬᠤᠯᠪᠤᠭ᠋ᠠᠲᠤ ᠬᠤᠷᠠᠯ᠎ᠤᠨ ᠳᠡᠳ᠋ ᠲᠡᠷᠢᠭᠦᠯᠡᠭᠴᠢ᠂ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ ᠳᠠᠷᠤᠭ᠎ᠠ ᠯᠢᠦ ᠬᠦᠸᠧ ᠴᠢ᠂ ᠬᠤᠳᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠮᠧᠩ ᠫᠧᠢ ᠶᠦᠨ᠂ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠢᠶᠠᠩ ᠱᠣ᠌ ᠫᠢᠩ᠂ ᠹᠦ᠋ ᠲᠢᠩ ᠯᠢᠨ ᠠᠵᠢᠯᠯᠠᠭ᠎ᠠ᠎ᠳᠤ ᠣᠷᠣᠯᠴᠠᠪᠠ᠃
      ᠸᠠᠩ ᠵᠠᠩ ᠢ ᠪᠣᠯ ᠮᠠᠨ᠎ᠤ ᠬᠤᠲᠠ ᠵᠢᠨ ᠠᠯᠳᠠᠷᠲᠤ ᠵᠢᠷᠤᠭᠴᠢᠨ᠂ ᠳᠤᠮᠳᠠᠳᠤ ᠤᠯᠤᠰ᠎ᠤᠨ ᠤᠷᠠᠨ ᠵᠢᠷᠤᠭᠴᠢᠳ᠎ᠤᠨ ᠨᠡᠶ᠋ᠢᠭᠡᠮᠯᠢᠭ᠎ᠤᠨ ᠭᠡᠰᠢᠭᠦᠨ᠂ ᠤᠯᠤᠰ᠎ᠤᠨ ᠳᠡᠭᠡᠳᠦ ᠵᠡᠷᠭᠡ ᠵᠢᠨ ᠤᠷᠠᠨ ᠵᠢᠷᠤᠭᠴᠢᠨ᠂ ᠥᠪᠥᠷ ᠮᠣᠩᠭᠤᠯ᠎ᠤᠨ ᠰᠣᠶᠣᠯ ᠲᠡᠦᠬᠡ ᠵᠢᠨ ᠰᠤᠳᠤᠯᠭ᠋ᠠᠨ᠎ᠤ ᠭᠠᠵᠠᠷ᠎ᠤᠨ ᠠᠵᠢᠯᠲᠠᠨ᠂ ᠬᠤᠲᠠ ᠵᠢᠨ ᠤᠷᠠᠨ ᠵᠢᠷᠤᠭᠴᠢᠳ᠎ᠤᠨ ᠨᠡᠶ᠋ᠢᠭᠡᠮᠯᠢᠭ᠎ᠤᠨ ᠨᠡᠷ᠎ᠡ ᠬᠦᠨᠳᠦᠲᠦ ᠲᠡᠷᠢᠭᠦᠯᠡᠭᠴᠢ᠂ ᠲᠣᠣᠷᠠᠢ ᠮᠤᠲᠤ ᠠᠭᠤᠯᠠ ᠤᠰᠤᠨ᠎ᠤ ᠳᠣᠷᠣᠨᠠᠳᠠᠬᠢᠨ᠎ᠤ ᠵᠢᠷᠤᠭ᠎ᠤᠨ ᠬᠦᠷᠢᠶᠡᠯᠡᠩ᠎ᠤᠨ ᠳᠠᠷᠤᠭ᠎ᠠ᠂ ᠲᠣᠣᠷᠠᠢ ᠵᠢᠨ ᠮᠤᠲᠤ ᠠᠭᠤᠯᠠ ᠤᠰᠤ᠂ ᠪᠠᠷᠠᠭᠤᠨ ᠣᠷᠣᠨ᠎ᠤ ᠠᠭᠤᠯᠠ ᠤᠰᠤᠨ᠎ᠤ ᠵᠣᠬᠢᠶᠠᠨ ᠪᠦᠲᠦᠭᠡᠯᠭᠡ ᠪᠠ ᠰᠤᠳᠤᠯᠭ᠋ᠠᠨ᠎ᠳᠤ ᠣᠷᠳᠣ ᠬᠤᠭᠤᠴᠠᠭ᠎ᠠ᠎ᠪᠠᠷ ᠵᠢᠳᠬᠦᠵᠦ᠂ ᠪᠥᠬᠦ ᠤᠯᠤᠰ᠂ ᠪᠥᠬᠦ ᠣᠷᠣᠨ᠎ᠤ ᠵᠢᠷᠤᠭ᠎ᠤᠨ ᠦᠵᠡᠬᠦᠯᠦᠯᠭᠡ᠎ᠳᠤ ᠣᠯᠠᠨ ᠤᠳᠠᠭ᠎ᠠ ᠰᠣᠩᠭᠤᠭᠳᠠᠨ᠂ ᠤᠯᠠᠨ ᠪᠦᠲᠦᠭᠡᠯ᠎ᠢ᠎ᠨᠢ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ᠂ ᠴᠢ ᠯᠦ᠍ ᠵᠢᠨ ᠤᠷᠠᠨ ᠵᠢᠷᠤᠭ᠎ᠤᠨ ᠣᠷᠳᠣᠨ ᠵᠡᠷᠭᠡ ᠤᠯᠤᠰ᠎ᠤᠨ ᠳᠣᠲᠣᠭ᠋ᠠᠳᠤ ᠵᠢᠨ ᠡᠷᠬᠡ ᠰᠦᠷᠲᠦ ᠪᠠᠶ᠋ᠢᠭᠤᠯᠤᠮᠵᠢ ᠬᠠᠳᠠᠭ᠋ᠠᠯᠠᠪᠠ᠃
      ᠲᠤᠰ ᠤᠳᠠᠭ᠋ᠠᠨ᠎ᠤ ᠦᠵᠡᠭᠦᠯᠦᠯᠭᠡ᠎ᠳᠤ ᠨᠡᠶ᠋ᠢᠲᠡ 130 ᠭᠠᠷᠤᠢ ᠦᠵᠡᠵᠦ ᠵᠢᠷᠤᠭᠰᠠᠨ ᠪᠠ ᠵᠣᠬᠢᠶᠠᠨ ᠪᠦᠲᠦᠭᠡᠭᠰᠡᠨ ᠪᠦᠲᠦᠭᠡᠯ᠎ᠢ ᠳᠡᠯᠭᠡᠨ ᠦᠵᠡᠭᠦᠯᠵᠦ᠂ ᠤᠷᠠᠨ ᠪᠦᠲᠦᠭᠡᠯ᠎ᠤᠨ ᠬᠡᠪ ᠨᠠᠮᠪᠠ᠎ᠨᠢ ᠣᠯᠠᠨ ᠶᠠᠩᠵᠤ ᠵᠢᠨ᠂ ᠭᠤᠣᠯ ᠰᠡᠳᠦᠪ᠎ᠨᠢ ᠢᠯᠡ ᠲᠣᠳᠣ᠂ ᠪᠢᠷ ᠬᠡᠷᠡᠭᠯᠡᠭᠰᠡᠨ᠎ᠨᠢ ᠤᠷᠠᠨ ᠨᠠᠷᠢᠯᠢᠭ᠂ ᠤᠳᠬ᠎ᠠ ᠰᠠᠨᠠᠭ᠎ᠠ᠎ᠨᠢ ᠭᠦᠨ ᠵᠤᠵᠠᠭ᠋ᠠᠨ ᠪᠠᠶ᠋ᠢᠳᠠᠭ᠃ ᠸᠠᠩ ᠵᠠᠩ ᠢ ᠵᠢᠨ 20 ᠵᠢᠯ᠎ᠤᠨ ᠲᠤᠷᠰᠢᠬᠢ ᠦᠵᠡᠵᠦ ᠵᠢᠷᠤᠭᠰᠠᠨ ᠪᠠ ᠵᠣᠬᠢᠶᠠᠨ ᠪᠦᠲᠦᠭᠡᠭᠰᠡᠨ ᠬᠡᠳᠦᠨ ᠮᠢᠩᠭ᠋ᠠᠨ ᠪᠦᠲᠦᠭᠡᠯ᠎ᠤᠨ ᠳᠣᠲᠣᠷᠠᠬᠢ ᠰᠣᠳᠣᠨ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠡᠭᠦᠨ᠎ᠤ ᠳᠤᠮᠳᠠ᠎ᠠᠴᠠ ᠪᠠᠶ᠋ᠢᠭ᠋ᠠᠯᠢ ᠵᠢᠨ ᠭᠤᠶ᠋ᠢᠳᠠ ᠰᠠᠶ᠋ᠢᠬᠠᠨ ᠠᠭᠤᠷ ᠠᠮᠢᠰᠬᠤᠯ ᠪᠠ ᠠᠮᠢᠳᠤᠷᠠᠯ᠎ᠤᠨ ᠭᠤᠶ᠋ᠢᠳᠠ ᠰᠠᠶ᠋ᠢᠬᠠᠨ ᠥᠩᠭᠡ ᠭᠢᠯᠪᠠᠭ᠎ᠠ ᠵᠢ ᠣᠶ᠋ᠢᠯᠠᠭ᠋ᠠᠵᠤ ᠪᠣᠯᠬᠤ ᠮᠥᠷᠲᠡᠭᠡᠨ ᠪᠠᠰᠠ ᠵᠣᠬᠢᠶᠠᠭᠴᠢ ᠵᠢᠨ ᠪᠢᠷ ᠪᠡᠬᠡᠰ᠎ᠤᠨ ᠦᠨᠡᠨ ᠰᠡᠳᠬᠢᠯᠭᠡ ᠪᠠ ᠤᠯᠤᠰ ᠭᠡᠷ᠎ᠤᠨ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠣᠶ᠋ᠢᠯᠠᠭ᠋ᠠᠵᠤ᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠤᠷᠠᠯᠢᠭ᠎ᠢ ᠤᠯᠠᠮᠵᠢᠯᠠᠨ ᠬᠥᠭᠵᠢᠭᠦᠯᠬᠦ᠂ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠵᠢᠨ ᠰᠣᠶᠣᠯ᠎ᠢ ᠴᠣᠭᠴᠠᠯᠠᠬᠤ᠂ ᠮᠠᠨ᠎ᠤ ᠬᠤᠲᠠ ᠵᠢᠨ ᠤᠷᠠᠨ ᠵᠢᠷᠤᠭ᠎ᠤᠨ ᠦᠢ᠍ᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃

ᠢᠷᠡᠯᠲᠡ᠄ ᠦᠬᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ ᠵᠢᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠯᠢᠦ ᠸᠧᠨ ᠵᠢᠢ ᠨᠠᠷ᠎ᠲᠠᠢ ᠠᠭᠤᠯᠵᠠᠪᠠ
《ᠯᠧᠢ ᠹᠧᠩ᠎ᠠᠴᠠ ᠰᠣᠷᠣᠯᠴᠠᠶ᠎ᠠ · ᠦᠪᠡᠷ᠎ᠤᠨ ᠠᠵᠢᠯᠯᠠᠭ᠎ᠠ᠎ᠪᠠᠷ ᠵᠶ᠋ᠠᠨ ᠪᠣᠯᠪᠠᠰᠤᠨ᠎ᠢ ᠦᠢ᠍ᠯᠡᠳᠦᠯᠭᠡᠵᠢᠭᠦᠯᠦᠶ᠎ᠡ》 ᠭᠡᠬᠦ ᠭᠤᠣᠯ ᠰᠡᠳᠦᠪᠲᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠵᠢᠴᠢ ᠦᠬᠠᠢ ᠬᠤᠲᠠ ᠵᠢᠨ 2024 ᠣᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪᠯᠡᠷᠡᠩᠭᠦᠢ ᠦᠵᠡᠭᠦᠯᠦᠯᠭᠡ ᠵᠢᠨ ᠠᠵᠢᠯᠯᠠᠭ᠎ᠠ ᠶᠠᠪᠤᠭᠳᠠᠪᠠ
【ᠲᠤᠭ᠎ᠠ ᠪᠦᠷᠢᠳᠭᠡᠯ 】 ᠮᠠᠨ᠎ᠤ ᠬᠤᠲᠠ ᠵᠢᠨ 2023 ᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ ᠵᠢᠨ ᠠᠬᠢᠴᠠ ᠪᠥᠬᠦ ᠣᠷᠣᠨ᠎ᠳᠤ ᠲᠡᠷᠢᠬᠦᠯᠡᠪᠡ
ᠪᠥᠬᠦ ᠬᠤᠲᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠴᠢ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠬᠤᠷᠠᠯ ᠬᠤᠷᠠᠯᠳᠣᠪᠠ
ᠪᠦᠬᠦ ᠬᠤᠳᠠ ᠵᠢᠨ ᠵᠠᠭᠤᠴᠢᠯᠠᠭᠤᠷ᠎ᠢ ᠭᠦᠨᠵᠡᠭᠡᠢ ᠠᠭᠤᠰᠤᠯᠴᠠᠭᠤᠯᠤᠨ ᠬᠦᠭᠵᠢᠬᠦᠯᠬᠦ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
 
            