11 ᠳ᠋ᠦ᠍ᠭᠡᠷ ᠰᠠᠷ᠎ᠠ ᠵᠢᠨ 9᠎ᠤ ᠡᠳᠦᠷ᠂ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠳ᠋ᠢᠩ ᠰᠢᠤ ᠹᠧᠩ 《ᠳᠡᠯᠡᠬᠡᠢ ᠳ᠋ᠠᠬᠢᠨ᠎ᠤ ᠬᠠᠳᠤᠨ ᠭᠤᠣᠯ᠎ᠤᠨ ᠨᠢᠭᠡᠳᠦᠭᠡᠷ ᠲᠣᠰᠬᠤᠨ》᠎ᠤ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ᠂ ᠳ᠋ᠢᠩ ᠰᠢᠤ ᠹᠧᠩ ᠬᠤᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠎ᠤᠨ ᠬᠤᠸᠠ ᠵᠢᠶᠠᠩ ᠶᠢᠩ ᠽᠢ 《ᠳᠡᠯᠡᠬᠡᠶ ᠳ᠋ᠠᠬᠢᠨ᠎ᠤ ᠬᠠᠲᠤᠨ ᠭᠤᠤᠯ᠎ᠤᠨ ᠨᠢᠭᠡᠳᠦᠭᠡᠷ ᠲᠣᠰᠬᠤᠨ》᠎ᠤ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ᠎ᠳᠤ ᠬᠦᠷᠴᠦ᠂ ᠬᠤᠳᠠᠯᠳᠤᠭ᠋ᠠᠨ᠎ᠤ ᠵᠡᠭᠡᠯᠢ ᠲᠣᠭᠤᠷᠢᠭ᠂ ᠠᠷᠠᠳ᠎ᠤᠨ ᠵᠠᠩ ᠦᠢ᠍ᠯᠡ ᠵᠢᠨ ᠰᠣᠶᠣᠯ᠎ᠤᠨ ᠣᠷᠳᠣᠨ᠂ ᠢᠳᠡᠭᠡᠨ ᠤᠮᠳᠠᠭ᠋ᠠᠨ ᠠᠷᠠᠳ᠎ᠤᠨ ᠭᠡᠷ ᠪᠠᠭᠤᠳᠠᠯ᠂ ᠮᠥᠰᠥ ᠴᠠᠰᠤᠨ᠎ᠤ ᠲᠥᠷᠥᠯ ᠵᠦᠢ᠍ᠯ ᠵᠡᠷᠭᠡ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠲᠥᠷᠥᠯ ᠵᠦᠢ᠍ᠯ᠎ᠤᠨ ᠵᠢᠷᠤᠭ ᠲᠥᠯᠥᠪᠯᠡᠭᠡ ᠵᠢᠨ ᠲᠥᠯᠥᠪᠵᠢᠭᠦᠯᠭᠡ᠂ ᠲᠦᠭᠦᠷᠵᠢᠬᠦᠯᠬᠦ ᠲᠥᠬᠦᠭᠡᠷᠦᠮᠵᠢ ᠵᠢᠨ ᠥᠭᠡᠷᠡᠴᠢᠯᠡᠯᠲᠡ᠂ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠪᠠᠶ᠋ᠢᠷᠢᠯᠠᠭᠤᠯᠤᠯᠲᠠ ᠪᠠ ᠡᠪᠦᠯ᠎ᠤᠨ ᠤᠯᠠᠷᠢᠯ᠎ᠤᠨ ᠬᠠᠲᠤᠨ ᠭᠤᠤᠯ᠎ᠤᠨ ᠰᠦᠩ ᠬᠠᠯᠢᠶ᠎ᠠ ᠠᠵᠢᠭᠯᠠᠬᠤ ᠭᠠᠷᠠᠭ᠎ᠤᠨ ᠪᠡᠯᠡᠳᠬᠡᠯ ᠠᠵᠢᠯ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃ ᠳ᠋ᠢᠩ ᠰᠢᠤ ᠹᠧᠩ᠂ 《ᠳᠡᠯᠡᠬᠡᠢ ᠳ᠋ᠠᠬᠢᠨ᠎ᠤ ᠬᠠᠳᠤᠨ ᠭᠤᠣᠯ᠎ᠤᠨ ᠨᠢᠭᠡᠳᠦᠭᠡᠷ ᠲᠣᠰᠬᠤᠨ》᠎ᠤ ᠲᠦᠷᠦᠯ ᠵᠦᠢ᠍ᠯ᠎ᠳᠤ ᠶᠤᠸᠠᠨ ᠵᠢᠶᠠ ᠼᠦᠨ ᠲᠣᠰᠬᠤᠨ᠎ᠤ ᠰᠣᠶᠣᠯ ᠵᠢᠭᠤᠯᠴᠢᠯᠠᠯ᠎ᠤᠨ ᠪᠦᠯᠦᠭᠯᠡᠯ᠎ᠢ ᠤᠷᠢᠵᠤ ᠠᠵᠢᠯᠯᠠᠭᠤᠯᠤᠭᠰᠠᠨ ᠪᠣᠯ ᠪᠢᠳᠡᠨ᠎ᠤ ᠯᠤᠲᠤ ᠶᠡᠭᠡ ᠬᠦᠴᠦᠨ ᠮᠥᠨ᠂ ᠶᠤᠸᠠᠨ ᠵᠢᠶᠠ ᠼᠦᠨ ᠲᠣᠰᠬᠤᠨ᠎ᠤ ᠰᠣᠶᠣᠯ ᠵᠢᠭᠤᠯᠴᠢᠯᠠᠯ᠎ᠤᠨ ᠪᠦᠯᠦᠭᠯᠡᠯ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠥᠬᠦᠴᠡᠯ ᠪᠦᠷᠢᠳᠦᠭᠰᠡᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠤᠷᠢᠳᠠᠪᠠᠷ ᠠᠵᠢᠯᠯᠠᠭᠤᠯᠵᠤ᠂ ᠭᠤᠣᠯ ᠣᠷᠣᠨ ᠪᠦᠰᠡ ᠵᠢ ᠤᠷᠢᠳᠠᠪᠠᠷ ᠬᠢᠵᠦ᠂ 《ᠳᠡᠯᠡᠬᠡᠢ ᠳ᠋ᠠᠬᠢᠨ᠎ᠤ ᠬᠠᠳᠤᠨ ᠭᠤᠣᠯ᠎ᠤᠨ ᠨᠢᠭᠡᠳᠦᠭᠡᠷ ᠲᠣᠰᠬᠤᠨ》᠎ᠢ ᠲᠦᠷᠭᠡᠨ ᠬᠥᠭᠵᠢᠶᠡᠨᠲᠡᠢ ᠪᠣᠯᠭ᠋ᠠᠬᠤ ᠬᠡᠷᠡᠭᠲᠡᠢ᠃ 《ᠬᠠᠳᠤᠨ ᠭᠤᠣᠯ᠎ᠤᠨ ᠶᠢᠰᠦᠨ ᠮᠤᠵᠢ》 ᠵᠢᠨ ᠪᠠᠭ᠎ᠠ ᠬᠦᠷᠢᠶ᠎ᠡ ᠵᠢ ᠲᠤᠪᠤᠶ᠋ᠢᠮ᠎ᠠ ᠰᠠᠶ᠋ᠢᠲᠤᠷ ᠬᠡᠷᠡᠭᠯᠡᠵᠦ᠂ ᠭᠠᠳᠠᠷ ᠣᠷᠣᠨ᠎ᠤ ᠵᠤᠭ᠋ᠠᠴᠠᠭᠰᠠᠳ᠎ᠢ ᠲᠠᠲᠠᠬᠤ᠎ᠪᠠᠷ ᠭᠤᠣᠯᠳᠠᠯᠭ᠎ᠠ ᠪᠣᠯᠭ᠋ᠠᠵᠤ᠂ ᠵᠤᠭ᠋ᠠᠴᠠᠭᠰᠠᠳ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠢᠳᠡᠬᠦ᠂ ᠰᠠᠭᠤᠬᠤ᠂ ᠵᠤᠭ᠋ᠠᠴᠠᠬᠤ᠂ ᠵᠤᠭ᠎ᠠ ᠴᠡᠩᠭᠡᠯ᠎ᠤᠨ ᠲᠦᠭᠦᠷᠵᠢᠭᠰᠡᠨ ᠲᠥᠬᠦᠭᠡᠷᠦᠮᠵᠢ ᠵᠢ ᠲᠦᠷᠭᠡᠨ ᠲᠡᠭᠦᠯᠳᠡᠷᠵᠢᠭᠦᠯᠵᠦ᠂ ᠬᠦᠷᠢᠶ᠎ᠡ ᠬᠠᠰᠢᠶ᠎ᠠ ᠨᠢᠭᠡᠪᠦᠷᠢ ᠵᠢ ᠴᠥᠮ ᠰᠣᠶᠣᠯ᠎ᠤᠨ ᠣᠨᠴᠠᠯᠢᠭ᠎ᠲᠠᠢ ᠪᠣᠯᠭ᠋ᠠᠵᠤ᠂ ᠰᠢᠷᠢᠰ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠨᠠᠷᠢᠨ ᠨᠢᠮᠪᠠᠢ ᠲᠥᠰᠦᠪᠯᠡᠵᠦ᠂ ᠵᠤᠭ᠋ᠠᠴᠠᠭᠰᠠᠳ᠎ᠢ ᠲᠠᠲᠠᠵᠤ ᠳᠡᠶ᠋ᠢᠯᠬᠦ ᠮᠥᠷᠲᠡᠭᠡᠨ ᠨᠡᠩ ᠴᠤ᠌ ᠵᠤᠭ᠋ᠠᠴᠠᠭᠰᠠᠳ᠎ᠢ ᠦᠯᠡᠳᠡᠭᠡᠵᠦ ᠳᠡᠶ᠋ᠢᠯᠬᠦ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃ ᠠᠯᠤᠰ ᠬᠡᠲᠦ ᠵᠢ ᠪᠣᠳᠣᠯᠬᠢᠯᠠᠨ᠂ 《ᠵᠠᠭᠤᠨ ᠵᠢᠯ᠎ᠤᠨ ᠬᠠᠭᠤᠴᠢᠨ ᠳᠡᠯᠭᠡᠭᠦᠷ》᠎ᠢ ᠪᠠᠶ᠋ᠢᠭᠤᠯᠬᠤ ᠲᠡᠦᠬᠡᠲᠦ ᠬᠠᠷᠢᠭᠤᠴᠠᠯᠭ᠋ᠠᠲᠤ ᠰᠡᠳᠬᠢᠯᠭᠡ᠎ᠪᠠᠷ ᠲᠡᠷᠢᠭᠦᠨ᠎ᠤ ᠭᠠᠵᠠᠷ ᠣᠷᠣᠨ᠎ᠤ ᠲᠤᠷᠰᠢᠯᠭ᠎ᠠ ᠠᠷᠭ᠎ᠠ ᠬᠢᠳᠡᠯ᠎ᠢ ᠰᠤᠷᠤᠯᠴᠠᠨ ᠲᠣᠯᠢᠯᠠᠵᠤ᠂ ᠵᠠᠬ᠎ᠠ ᠳᠡᠯᠭᠡᠭᠦᠷ᠎ᠤᠨ ᠰᠡᠳᠬᠢᠬᠦᠶ᠎ᠪᠠᠷ ᠲᠥᠷᠥᠯ ᠵᠦᠢ᠍ᠯ᠎ᠤᠨ ᠡᠵᠡᠩᠨᠡᠯᠲᠡ ᠬᠠᠮᠢᠶᠠᠷᠤᠯᠲᠠ ᠵᠢ ᠴᠢᠩᠭ᠋ᠠᠳᠬᠠᠵᠤ᠂ ᠰᠣᠶᠣᠯ ᠤᠷᠠᠯᠢᠭ᠎ᠢ ᠬᠤᠳᠠᠯᠳᠤᠭ᠋ᠠᠨ᠎ᠤ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠳᠤ ᠨᠠᠩ ᠰᠠᠶ᠋ᠢᠲᠤᠷ ᠠᠭᠤᠰᠤᠯᠴᠠᠭᠤᠯᠵᠤ᠂ 《ᠳᠡᠯᠡᠬᠡᠶ ᠳ᠋ᠠᠬᠢᠨ᠎ᠤ ᠬᠠᠲᠤᠨ ᠭᠤᠣᠯ᠎ᠤᠨ ᠨᠢᠭᠡᠳᠦᠭᠡᠷ ᠲᠣᠰᠬᠤᠨ》᠎ᠤ ᠲᠥᠷᠥᠯ ᠵᠦᠢ᠍ᠯ᠎ᠤᠨ ᠰᠣᠶᠣᠯ᠎ᠤᠨ ᠠᠭᠤᠷ ᠠᠮᠢᠰᠬᠤᠯ᠎ᠢ ᠨᠡᠮᠡᠭᠳᠡᠭᠦᠯᠬᠦ ᠬᠡᠷᠡᠭᠲᠡᠶ᠃ 《ᠭᠤᠣᠯ᠎ᠤᠨ ᠬᠥᠪᠡᠭᠡᠨ᠎ᠤ ᠥᠩᠭᠡᠷᠡᠭᠰᠡᠨ᠎ᠤ ᠶᠠᠪᠤᠳᠠᠯ》᠎ᠤᠨ ᠲᠦᠷᠦᠯ ᠵᠦᠢ᠍ᠯ᠎ᠢ ᠰᠠᠶ᠋ᠢᠲᠤᠷ ᠪᠠᠶ᠋ᠢᠭᠤᠯᠵᠤ᠂ ᠥᠪᠡᠷᠮᠢᠴᠡ ᠪᠢᠨ ᠾᠧ ᠵᠢᠨ ᠳᠠᠪᠠᠭᠤᠯᠢᠭ᠎ᠲᠠᠭᠠᠨ ᠰᠠᠭᠤᠷᠢᠯᠠᠵᠤ᠂ ᠤᠤᠯ᠎ᠤᠨ ᠪᠠᠶ᠋ᠢᠭ᠋ᠠᠯᠢ ᠵᠢᠨ ᠦᠵᠡᠮᠵᠢ᠎ᠲᠠᠢ ᠵᠣᠬᠢᠴᠠᠩᠭᠤᠢ ᠨᠢᠭᠡᠳᠦᠯᠲᠡᠢ ᠪᠠᠶ᠋ᠢᠬᠤ ᠵᠢ ᠲᠤᠪᠤᠶ᠋ᠢᠯᠭ᠋ᠠᠵᠦ᠂ ᠬᠡᠪ ᠨᠠᠮᠪᠠ᠎ᠲᠠᠢ᠂ ᠦᠷᠭᠦᠯᠵᠢᠯᠡᠬᠦ ᠬᠤᠳᠠᠯᠳᠤᠭ᠋ᠠᠨ᠎ᠤ ᠦᠢ᠍ᠯᠡᠰ᠎ᠤᠨ ᠡᠵᠡᠩᠨᠡᠯᠲᠡ ᠵᠢᠨ ᠬᠡᠯᠪᠡᠷᠢ ᠵᠢ ᠪᠠᠶ᠋ᠢᠭᠤᠯᠵᠤ᠂ ᠨᠡᠩ ᠤᠯᠠᠨ ᠵᠤᠭ᠋ᠠᠴᠠᠭᠰᠠᠳ᠎ᠲᠤ ᠣᠶ᠋ᠢᠷ᠎ᠠ ᠵᠠᠢ᠎ᠠᠴᠠ ᠬᠠᠳᠤᠨ ᠭᠤᠣᠯ᠎ᠢ ᠰᠣᠨᠢᠷᠬᠠᠬᠤ᠂ ᠬᠠᠳᠤᠨ ᠭᠤᠣᠯ᠎ᠢ ᠪᠡᠶᠡᠴᠢᠯᠡᠨ ᠣᠶ᠋ᠢᠯᠠᠭ᠋ᠠᠬᠤ ᠥᠪᠡᠷᠮᠢᠴᠡ ᠣᠷᠣᠨ ᠵᠠᠢ ᠵᠢ ᠬᠠᠩᠭ᠋ᠠᠬᠤ ᠬᠡᠷᠡᠭᠲᠡᠢ᠃ ᠬᠠᠳᠤᠨ ᠭᠤᠣᠯ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠡᠪᠦᠯ᠎ᠤᠨ ᠤᠯᠠᠷᠢᠯ᠎ᠤᠨ ᠪᠤᠭᠤᠲᠤ ᠵᠢᠨ ᠬᠠᠳᠤᠨ ᠭᠤᠣᠯ᠎ᠤᠨ ᠰᠦᠩ ᠬᠠᠯᠢᠶ᠎ᠠ ᠵᠢ ᠠᠵᠢᠭᠯᠠᠬᠤ ᠭᠠᠷᠠᠭ᠎ᠤᠨ ᠠᠵᠢᠯᠯᠠᠭ᠎ᠠ ᠵᠢ ᠴᠢᠨᠠᠷ ᠰᠠᠶ᠋ᠢᠲᠠᠢ ᠪᠡᠯᠡᠳᠬᠡᠨ ᠰᠠᠶ᠋ᠢᠲᠤᠷ ᠡᠷᠬᠢᠯᠡᠵᠦ᠂ ᠨᠡᠩ ᠤᠯᠠᠨ ᠬᠥᠮᠦᠰ᠎ᠲᠤ ᠬᠠᠳᠤᠨ ᠭᠤᠣᠯ᠎ᠤᠨ ᠥᠪᠡᠷᠮᠢᠴᠡ ᠷᠢᠳᠢ ᠰᠢᠳᠢ ᠵᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠶᠤᠸᠠᠨ ᠵᠢᠶᠠ ᠼᠦᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠭᠦᠸᠧ ᠵᠠᠨ ᠡᠤ᠂ ᠬᠤᠳᠠ ᠵᠢᠨ ᠤᠳᠤᠷᠢᠳᠤᠯᠭ᠎ᠠ ᠯᠢᠶᠠᠨ ᠳ᠋ᠦᠩ᠂ ᠵᠠᠩ ᠪᠢᠨ᠂ ᠬᠤᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ ᠵᠢᠴᠢ ᠬᠤᠳᠠ ᠵᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃