ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2024 ᠳᠤᠮᠳᠠᠳᠤ ᠤᠯᠤᠰ · ᠦᠬᠠᠶ ᠵᠢᠨ ᠡᠯᠡᠰᠦᠨ ᠴᠦᠯ᠎ᠤᠨ ᠨᠣᠭᠤᠭ᠋ᠠᠨ ᠪᠦᠷᠢᠳᠦ ᠡᠬᠡ ᠭᠠᠵᠠᠷ᠎ᠤᠨ ᠤᠷᠠᠯᠢᠭ᠎ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄ 2024-11-25


   11 ᠰᠠᠷ᠎ᠠ ᠵᠢᠨ 22᠎ᠤ ᠡᠳᠦᠷ᠂ 2024 ᠳᠤᠮᠳᠠᠳᠤ ᠤᠯᠤᠰ · ᠦᠬᠠᠶ ᠵᠢᠨ ᠡᠯᠡᠰᠦᠨ ᠴᠦᠯ᠎ᠤᠨ ᠨᠣᠭᠤᠭ᠋ᠠᠨ ᠪᠦᠷᠢᠳᠦ ᠵᠢᠨ ᠡᠬᠡ ᠭᠠᠵᠠᠷ᠎ᠤᠨ ᠤᠷᠠᠯᠢᠭ᠎ᠤᠨ ᠤᠯᠠᠷᠢᠯ ᠶᠤᠸᠡᠢ ᠢᠦᠢ ᠨᠣᠮ᠎ᠤᠨ ᠪᠠᠭ᠋ᠠᠷ᠎ᠲᠤ ᠬᠥᠰᠢᠭᠡ᠎ᠪᠠᠨ ᠰᠡᠬᠦᠪᠡ᠃ ᠬᠤᠲᠠ ᠵᠢᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠮᠧᠩ ᠫᠸᠢ ᠶᠦᠨ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠦ᠂ ᠬᠤᠲᠠ ᠵᠢᠨ ᠤᠳᠤᠷᠢᠳᠤᠯᠭ᠎ᠠ ᠿᠧᠨ ᠵᠢᠶ ᠬᠤᠸᠠ᠂ ᠵᠠᠩ ᠶᠦᠩ᠂ ᠹᠦ᠋ ᠲᠢᠩ ᠯᠢᠨ ᠠᠵᠢᠯᠯᠠᠭ᠎ᠠ᠎ᠳᠤ ᠣᠷᠣᠯᠴᠠᠪᠡ᠃ ᠡᠬᠢᠯᠡᠯᠲᠡ ᠵᠢᠨ ᠶᠣᠰᠣᠯᠠᠯ ᠳᠡᠭᠡᠷ᠎ᠡ᠂ 4 ᠲᠠᠯᠠᠪᠤᠷ ᠰᠠᠯᠤᠨ᠎ᠤ ᠠᠵᠢᠯᠯᠠᠭ᠎ᠠ᠎ᠨᠢ ᠭᠤᠶ᠋ᠢᠳᠠ ᠰᠠᠶ᠋ᠢᠬᠠᠨ ᠪᠣᠯᠵᠣ᠂ ᠠᠵᠢᠯᠯᠠᠭ᠎ᠠ᠎ᠳᠤ ᠣᠷᠣᠯᠴᠠᠭᠰᠠᠨ ᠬᠦᠨᠳᠦᠲᠦ ᠵᠣᠴᠢᠳ 《ᠦᠬᠠᠶ᠎ᠳᠤ ᠢᠷᠡᠵᠦ᠂ ᠡᠯᠡᠰᠦ ᠪᠠ ᠨᠣᠭᠤᠭ᠋ᠠᠨ ᠪᠦᠷᠢᠲᠤ ᠵᠢ ᠬᠠᠮᠲᠤ᠎ᠪᠠᠷ ᠰᠣᠨᠢᠷᠬᠠᠶ᠎ᠡ》 《ᠨᠣᠭᠤᠭ᠋ᠠᠨ ᠦᠬᠠᠶ ᠵᠢ ᠬᠠᠮᠲᠤ᠎ᠪᠠᠷ ᠡᠳ᠋ᠯᠡᠵᠦ᠂ ᠢᠷᠡᠭᠡᠳᠦᠶ᠎ᠪᠠᠨ ᠬᠠᠮᠲᠤ᠎ᠪᠠᠷ ᠴᠤᠭᠴᠠᠯᠠᠶ᠎ᠠ》 《ᠬᠠᠮᠲᠤ᠎ᠪᠠᠷ ᠴᠤᠣᠷᠢᠶᠠᠳᠤᠭᠰᠠᠨ ᠡᠯᠡᠰᠦ ᠪᠠ ᠲᠡᠯᠡᠶ᠂ ᠪᠠᠶ᠋ᠢᠭ᠋ᠠᠯᠢ ᠪᠣᠯᠤᠨ ᠤᠷᠠᠯᠢᠭ᠎ᠤᠨ ᠶᠠᠷᠢᠯᠴᠠᠭ᠎ᠠ》 《ᠡᠯᠡᠰᠦ ᠮᠠᠩᠬᠠᠨ᠎ᠳᠤ ᠨᠠᠶ᠋ᠢᠷᠠᠯᠳᠣᠵᠣ᠂ ᠪᠠᠶ᠋ᠢᠭ᠋ᠠᠯᠢ ᠵᠢᠨ ᠬᠦᠴᠦᠨ᠎ᠢ ᠬᠥᠭᠵᠢᠭᠡᠶ᠎ᠡ》 ᠵᠡᠷᠭᠡ ᠭᠤᠤᠯ ᠰᠡᠳᠦᠪ᠎ᠤᠨ ᠲᠣᠭᠤᠷᠢᠨ᠎ᠳᠤ᠂ ᠣᠳᠣᠬᠢ ᠪᠠᠶ᠋ᠢᠳᠠᠯ᠎ᠢ ᠵᠠᠳᠠᠯᠵᠤ᠂ ᠰᠡᠳᠬᠢᠴᠡ᠎ᠪᠠᠨ ᠰᠣᠯᠢᠴᠠᠵᠤ᠂ ᠦᠬᠠᠶ ᠬᠤᠲᠠ ᠵᠢᠨ ᠬᠥᠭᠵᠢᠯᠲᠡ ᠵᠢᠨ ᠬᠠᠨᠳᠤᠰᠢ ᠵᠢ ᠬᠠᠮᠲᠤ᠎ᠪᠠᠷ ᠰᠦᠪᠡᠭᠴᠢᠯᠡᠵᠦ᠂ ᠢᠷᠡᠭᠡᠳᠦᠶ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠴᠢᠳᠠᠯ ᠣᠯᠭᠤᠪᠡ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ᠂ ᠳ᠋ᠧᠩ ᠶᠠ ᠫᠢᠩ᠂ ᠵᠠᠩ ᠵᠢᠶᠦ᠋ᠨ ᠨᠢᠩ᠂ ᠲᠠᠨ ᠵᠦᠸᠧ᠂ ᠰᠢᠶᠠ ᠢᠦᠶ ᠵᠡᠷᠭᠡ 4 ᠨᠡᠷᠡᠲᠦ ᠬᠥᠮᠦᠰ᠎ᠲᠤ ᠲᠣᠰ ᠲᠣᠰ ᠦᠬᠠᠶ ᠬᠤᠲᠠ ᠵᠢᠨ ᠪᠡᠶ᠎ᠡ ᠵᠢᠨ ᠲᠠᠮᠢᠷ ᠰᠣᠶᠣᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠨᠢᠯᠴᠠᠭᠤᠯᠭ᠎ᠠ ᠵᠢᠨ ᠡᠯᠴᠢ᠂ ᠦᠬᠠᠶ ᠬᠤᠲᠠ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠡᠶ᠋ᠢᠲᠡ ᠵᠢᠨ ᠠᠰᠠᠷᠠᠮᠵᠢ ᠵᠢᠨ ᠲᠠᠨᠢᠯᠴᠠᠭᠤᠯᠭ᠎ᠠ ᠵᠢᠨ ᠡᠯᠴᠢ᠂ ᠦᠬᠠᠶ ᠬᠤᠲᠠ ᠵᠢᠨ ᠰᠣᠶᠣᠯ ᠤᠷᠠᠯᠢᠭ᠎ᠤᠨ ᠨᠡᠶ᠋ᠢᠲᠡ ᠵᠢᠨ ᠠᠰᠠᠷᠠᠮᠵᠢ ᠵᠢᠨ ᠲᠠᠨᠢᠯᠴᠠᠭᠤᠯᠭ᠎ᠠ ᠵᠢᠨ ᠡᠯᠴᠢ᠂ ᠦᠬᠠᠶ ᠬᠤᠲᠠ ᠵᠢᠨ ᠡᠯᠡᠰᠦᠨ ᠴᠦᠯ᠎ᠤᠨ ᠲᠠᠮᠢᠷ᠎ᠤᠨ ᠬᠥᠳᠡᠯᠭᠡᠭᠡᠨ᠎ᠤ ᠨᠡᠶ᠋ᠢᠲᠡ ᠵᠢᠨ ᠠᠰᠠᠷᠠᠮᠵᠢ ᠵᠢᠨ ᠲᠠᠨᠢᠯᠴᠠᠭᠤᠯᠭ᠎ᠠ ᠵᠢᠨ ᠡᠯᠴᠢ ᠵᠢᠨ ᠢᠷᠠᠭᠤ ᠠᠯᠳᠠᠷ᠎ᠤᠨ ᠴᠣᠯᠠ ᠭᠥᠷᠳᠡᠪᠡ᠃ ᠠᠵᠢᠯᠯᠠᠭ᠎ᠠ ᠵᠢᠨ ᠲᠤᠬᠠᠶ ᠵᠢᠨ ᠡᠳᠦᠷ᠂ ᠭᠤᠤᠯᠯᠠᠨ ᠡᠷᠬᠢᠯᠡᠭᠰᠡᠨ ᠲᠠᠯ᠎ᠠ ᠵᠢᠨ᠎ᠬᠢᠨ ᠪᠠᠰᠠ ᠤᠷᠠᠯᠢᠭ᠎ᠤᠨ ᠲᠣᠨᠣᠭᠯᠠᠯ᠎ᠤᠨ ᠫᠠᠶ᠋ᠢᠰᠠ ᠰᠡᠬᠦᠬᠦ ᠶᠣᠰᠣᠯᠠᠯ ᠶᠠᠪᠤᠭᠤᠯᠪᠠ᠃
   

ᠢᠷᠡᠯᠲᠡ᠄ ᠦᠬᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠼᠦᠢ ᠵᠢᠩ ᠶᠢᠩ ᠦᠬᠠᠢ ᠨᠠᠭᠤᠷ᠎ᠤᠨ ᠰᠡᠯᠡᠭᠦᠴᠡᠯ ᠠᠮᠠᠷᠠᠯᠲᠠ ᠵᠢᠨ ᠵᠢᠭᠤᠯᠴᠢᠯᠠᠯ᠎ᠤᠨ ᠣᠷᠣᠨ᠎ᠤ ᠨᠡᠭᠡᠭᠡᠯᠲᠡ ᠡᠵᠡᠩᠨᠡᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠦᠬᠠᠶ ᠵᠢᠨ ᠡᠪᠦᠯ᠎ᠤᠨ ᠤᠯᠠᠷᠢᠯ᠎ᠤᠨ ᠨᠠᠭ᠋ᠠᠳᠤᠮ᠎ᠤᠨ ᠰᠣᠶᠣᠯ ᠲᠠᠮᠢᠷ ᠵᠢᠭᠤᠯᠴᠢᠯᠠᠯ᠎ᠤᠨ ᠰᠢᠷᠢᠰ ᠠᠵᠢᠯᠯᠠᠭ᠎ᠠ ᠡᠬᠢᠯᠡᠪᠡ
ᠲᠠᠩᠺ ᠦᠬᠡᠷ ᠫᠤᠤ᠎ᠲᠠᠢ ᠨᠢᠭᠲᠠ ᠣᠶ᠋ᠢᠷᠠᠲᠤᠯᠴᠠᠬᠤ
ᠬᠦᠮᠦᠨ᠎ᠤ ᠣᠷᠴᠢᠯᠠᠩ᠎ᠤᠨ ᠴᠡᠴᠡᠭ ᠪᠦᠵᠢᠭ᠎ᠲᠤ ᠤᠯᠤᠰ᠎ᠤᠨ ᠤᠷᠤᠰᠬᠠᠯ᠎ᠢ ᠰᠣᠨᠢᠷᠬᠠᠬᠤ
 
            