— ᠬᠤᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠹᠧᠩ ᠿᠦᠩᠢ ᠰᠣᠷᠪᠣᠯᠵᠢᠯᠠᠭᠰᠠᠨ᠎ᠨᠢ
ᠣᠶ᠋ᠢᠷ᠎ᠠ᠎ᠳᠤ᠂ ᠬᠤᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠹᠧᠩ ᠿᠦᠩ ᠰᠤᠷᠪᠤᠯᠵᠢᠯᠠᠭᠴᠢ ᠵᠢᠨ ᠲᠤᠰᠬᠠᠶ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ ᠬᠡᠯᠡᠭᠰᠡᠨ᠎ᠨᠢ᠂ ᠬᠤᠳᠠ ᠵᠢᠨ ᠨᠠᠮ᠎ᠤᠨ ᠬᠤᠷᠢᠶᠠᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠠᠴᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠦᠬᠠᠢ ᠵᠢᠨ ᠠᠯᠤᠰ ᠬᠡᠳᠤ ᠵᠢᠨ ᠬᠥᠭᠵᠢᠯᠲᠡ᠎ᠳᠤ ᠬᠤᠯᠪᠣᠭᠳᠠᠬᠤ ᠠᠯᠢ ᠤᠯᠠᠨ ᠦᠨᠳᠦᠰᠦᠨ ᠴᠢᠨᠠᠷᠲᠠᠢ᠂ ᠴᠢᠭᠯᠡᠯ᠎ᠳᠤ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠴᠢᠬᠤᠯᠠ ᠶᠡᠭᠡ ᠠᠰᠠᠭᠤᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠪᠦᠬᠦ ᠬᠤᠳᠠ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠴᠢᠭᠯᠡᠯ᠎ᠢ ᠲᠣᠳᠣᠷᠬᠠᠶ᠋ᠢᠯᠠᠪᠠ ᠭᠡᠵᠡᠢ᠃
ᠦ᠋ ᠹᠧᠩ ᠿᠦᠩ ᠢᠯᠡᠷᠭᠡᠶ᠋ᠢᠯᠡᠭᠰᠡᠨᠨᠢ᠂ ᠬᠤᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠰᠢᠰᠲ᠋ᠧᠮ᠎ᠤᠨ᠎ᠬᠢᠨ ᠬᠤᠲᠠ ᠵᠢᠨ ᠨᠠᠮ᠎ᠤᠨ ᠬᠤᠷᠢᠶᠠᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠷᠠᠯᠲᠠ᠎ᠪᠠᠨ ᠲᠣᠳᠣᠷᠬᠠᠶ᠋ᠢᠯᠠᠨ᠂ ᠬᠦᠴᠦᠯᠡᠬᠦ ᠴᠡᠭ ᠵᠶ᠋ᠠᠨ ᠣᠨᠣᠪᠴᠢᠲᠠᠶ ᠣᠯᠵᠤ᠂ ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠭᠦᠨᠵᠡᠭᠡᠶ ᠳᠥᠯᠭᠢᠨ ᠠᠬᠢᠭᠤᠯᠵᠤ᠂ 《ᠡᠯᠡᠰᠦᠨ ᠴᠥᠯ᠎ᠳᠤ ᠲᠡᠯᠡᠶ ᠵᠢ ᠦᠵᠡᠬᠦ · ᠳᠤᠮᠳᠠᠳᠤ ᠤᠯᠤᠰ᠎ᠤᠨ ᠦᠬᠠᠶ》 ᠵᠢᠨ ᠨᠠᠷᠠᠲᠤ ᠲᠡᠮᠳᠡᠭᠲᠦ ᠵᠢᠨ ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠮᠠᠨ᠎ᠤ ᠬᠤᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠤᠨ᠎ᠠ ᠭᠡᠵᠡᠶ᠃
ᠦ᠋ ᠹᠧᠩ ᠬᠡᠯᠡᠭᠰᠡᠨ᠎ᠨᠢ᠂ ᠨᠢᠭᠡ᠎ᠳᠤ᠂ ᠭᠤᠣᠯᠳᠠᠯᠭ᠎ᠠ ᠵᠢ ᠡᠵᠡᠮᠳᠡᠵᠦ᠂ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠤᠨ᠎ᠡ᠃ ᠦᠬᠠᠶ ᠵᠢᠨ ᠤᠨᠴᠠᠯᠢᠬᠳᠤ ᠳᠠᠪᠠᠭᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠲᠠ ᠵᠢᠨ ᠲᠡᠭᠦᠷᠭᠡ ᠵᠢᠨ ᠵᠢᠭᠤᠯᠴᠢᠯᠠᠯ᠂ ᠬᠡᠷ᠎ᠤᠨ ᠭᠠᠳᠠᠨᠠᠬᠢ ᠬᠥᠳᠡᠯᠭᠡᠭᠡᠨ᠂ ᠤᠨᠴᠠᠯᠢᠬᠳᠤ ᠰᠣᠶᠣᠯ᠂ ᠰᠡᠯᠡᠭᠦᠴᠡᠨ ᠠᠮᠠᠷᠠᠬᠤ ᠳᠥᠷᠪᠡᠨ ᠶᠡᠭᠡ ᠪᠡᠶᠡᠴᠢᠯᠡᠨ ᠣᠶ᠋ᠢᠯᠠᠭ᠋ᠠᠬᠤ ᠬᠡᠰᠡᠭ ᠣᠷᠣᠨ᠎ᠢ ᠪᠣᠶ ᠪᠣᠯᠭ᠋ᠠᠵᠤ᠂ ᠰᠠᠭᠤᠷᠢ ᠪᠡᠯᠡᠳᠬᠡᠮᠵᠢ᠎ᠪᠠᠨ ᠲᠠᠰ ᠳᠡᠪᠰᠢᠭᠦᠯᠬᠦ᠂ ᠠᠵᠤ ᠦᠢ᠍ᠯᠡᠰ᠎ᠢ ᠠᠭᠤᠰᠤᠯᠴᠠᠭᠤᠯᠤᠨ ᠥᠷᠭᠡᠳᠬᠡᠬᠦ᠂ ᠰᠣᠶᠣᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ᠂ ᠵᠢᠭᠤᠯᠴᠢᠯᠠᠯ᠎ᠤᠨ ᠬᠡᠷᠡᠭᠯᠡᠭᠡ ᠵᠢᠨ ᠴᠢᠨᠠᠷ ᠵᠶ᠋ᠠᠨ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠵᠢᠨ ᠡᠵᠡᠩᠨᠡᠨ ᠪᠣᠷᠣᠯᠠᠭᠤᠯᠤᠯᠲᠠ᠎ᠪᠠᠨ ᠳᠡᠯᠭᠡᠷᠡᠭᠦᠯᠬᠦ ᠲᠠᠪᠤᠨ ᠶᠡᠭᠡ ᠠᠵᠢᠯᠯᠠᠭ᠎ᠠ ᠵᠢ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠠᠵᠢᠯᠯᠠᠭᠤᠯᠵᠤ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠦᠪᠥᠷᠢᠯᠡᠬᠦ᠂ ᠣᠯᠠᠨ ᠦᠢ᠍ᠯᠡᠰ ᠬᠤᠯᠪᠣᠭ᠋ᠠᠯᠠᠨ ᠬᠥᠳᠡᠯᠦᠯᠴᠡᠬᠦ᠂ ᠪᠥᠬᠦ ᠣᠷᠣᠨ ᠪᠦᠰᠡ ᠬᠤᠯᠪᠣᠭ᠋ᠠᠯᠠᠭᠰᠠᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ᠃ ᠴᠢᠭ ᠵᠶ᠋ᠠᠷ ᠱᠤᠭᠤᠮ᠎ᠢ ᠳᠠᠶ᠋ᠢᠴᠢᠯᠠᠵᠤ᠂ ᠱᠤᠭᠤᠮ ᠵᠶ᠋ᠠᠷ ᠨᠡᠶ᠋ᠢᠳᠡᠮ᠎ᠢ ᠪᠦᠷᠢᠯᠳᠦᠭᠦᠯᠦᠨ᠂ ᠬᠡᠯᠬᠢᠶᠡᠵᠢᠭᠰᠡᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠵᠤ᠂ ᠬᠥᠳᠡᠭᠡ ᠲᠣᠰᠬᠤᠨ᠎ᠤ ᠵᠢᠭᠤᠯᠴᠢᠯᠠᠯ᠎ᠤᠨ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠪᠠᠯᠭ᠋ᠠᠰᠤ ᠵᠢ ᠡᠭᠦᠳᠦᠨ ᠪᠠᠶ᠋ᠢᠭᠤᠯᠬᠤ ᠵᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ᠎ᠪᠠᠨ ᠦᠷᠭᠦᠯᠵᠢᠯᠡᠨ ᠪᠠᠶᠠᠯᠢᠭᠵᠢᠭᠤᠯᠵᠤ᠂ ᠦᠬᠠᠶ ᠵᠢᠨ ᠣᠨᠴᠠᠯᠢᠭ᠎ᠲᠠᠢ ᠲᠠᠷᠢᠶᠠᠯᠠᠩ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠠᠮ᠎ᠢ ᠪᠣᠶ ᠪᠣᠯᠭ᠋ᠠᠨ᠎ᠠ᠃
ᠬᠤᠶᠠᠷ᠎ᠲᠤ᠂ ᠳᠤᠮᠳᠠᠳᠤ ᠤᠯᠤᠰ᠎ᠤᠨ ᠡᠯᠡᠰᠦᠨ ᠴᠦᠯ᠎ᠤᠨ ᠬᠡᠭᠡᠷᠡᠯᠡᠨ ᠠᠶᠠᠯᠠᠬᠤ ᠭᠠᠵᠠᠷ᠎ᠢ ᠪᠣᠶ ᠪᠣᠯᠭ᠋ᠠᠵᠤ᠂ 《ᠡᠯᠡᠰᠦᠨ ᠴᠦᠯ᠎ᠳᠤ ᠲᠡᠯᠡᠶ ᠵᠢ ᠦᠵᠡᠬᠦ · ᠳᠤᠮᠳᠠᠳᠤ ᠤᠯᠤᠰ᠎ᠤᠨ ᠦᠬᠠᠶ》 ᠵᠢᠨ ᠨᠠᠷᠠᠲᠤ ᠲᠡᠮᠳᠡᠭᠲᠦ ᠵᠢᠨ ᠤᠷᠢᠶᠠᠯᠠᠬᠤ ᠬᠦᠴᠦᠨ ᠵᠶ᠋ᠠᠨ ᠳᠡᠭᠡᠭᠰᠢᠯᠡᠭᠦᠯᠦᠨ᠎ᠡ᠃ ᠡᠯᠡᠰᠦ᠂ ᠳᠠᠯᠠᠢ ᠵᠢᠨ ᠪᠠᠶ᠋ᠢᠭ᠋ᠠᠯᠢ ᠵᠢᠨ ᠦᠵᠡᠮᠵᠢ ᠵᠢᠨ ᠡᠬᠢ ᠪᠠᠶᠠᠯᠢᠭ᠎ᠲᠤ ᠲᠦᠰᠢᠭᠯᠡᠨ᠂ ᠳᠤᠮᠳᠠᠳᠤ ᠤᠯᠤᠰ᠎ᠤᠨ ᠡᠯᠡᠰᠦᠨ ᠴᠥᠯ᠎ᠤᠨ ᠬᠡᠭᠡᠷᠡᠯᠡᠨ ᠠᠶᠠᠯᠠᠬᠤ ᠭᠠᠵᠠᠷ᠎ᠢ ᠪᠣᠶ ᠪᠣᠯᠭ᠋ᠠᠵᠤ᠂ ᠬᠡᠭᠡᠷᠡᠯᠡᠬᠦ ᠮᠠᠰᠢᠨ ᠲᠡᠷᠭᠡ ᠡᠯᠡᠰᠦᠨ ᠴᠥᠯ᠎ᠳᠤ ᠲᠠᠪᠬᠢᠬᠤ᠂ ᠶᠠᠪᠠᠭ᠋ᠠᠨ ᠵᠶ᠋ᠠᠷ ᠲᠤᠭᠤᠯᠬᠤ᠂ ᠬᠡᠭᠡᠷ᠎ᠡ ᠪᠠᠭᠤᠳᠠᠯᠯᠠᠬᠤ ᠠᠮᠠᠷᠠᠯᠲᠠ ᠵᠡᠷᠭᠡ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ᠂ ᠡᠯᠡᠰᠦᠨ ᠴᠥᠯ᠎ᠤᠨ ᠲᠥᠷᠥᠯ ᠵᠦᠢ᠍ᠯ᠎ᠤᠨ ᠰᠠᠭᠤᠷᠢ ᠪᠡᠯᠡᠳᠬᠡᠮᠵᠢ ᠵᠢᠨ ᠲᠠᠰ ᠳᠡᠪᠰᠢᠬᠦ᠂ ᠰᠣᠳᠣᠨ ᠡᠯᠡᠰᠦᠨ ᠴᠥᠯ᠎ᠤᠨ ᠬᠡᠭᠡᠷᠡᠯᠡᠨ ᠠᠶᠠᠯᠠᠬᠤ ᠵᠠᠮ ᠱᠤᠭᠤᠮ ᠪᠠ ᠬᠤᠸᠠᠷᠠᠨ᠎ᠢ ᠲᠥᠯᠥᠪᠵᠢᠭᠦᠯᠦᠨ᠂ ᠡᠯᠡᠰᠦᠨ ᠴᠥᠯ᠎ᠤᠨ ᠵᠢᠭᠤᠯᠴᠢᠯᠠᠯ᠎ᠤᠨ ᠰᠢᠨ᠎ᠡ ᠭᠠᠵᠠᠷ᠎ᠤᠨ ᠲᠡᠮᠳᠡᠭ᠎ᠢ ᠪᠣᠶ ᠪᠣᠯᠭ᠋ᠠᠨ᠎ᠠ᠃ 《ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠬᠤ》 ᠰᠦᠷ ᠬᠦᠴᠦᠨ᠎ᠢ ᠪᠣᠶ ᠪᠣᠯᠭ᠋ᠠᠵᠤ᠂ ᠣᠯᠠᠨ ᠤᠯᠤᠰ᠂ ᠪᠥᠬᠦ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢ ᠡᠷᠭᠢᠯᠡᠵᠦ᠂ ᠳᠤᠮᠳᠠᠳᠤ ᠤᠯᠤᠰ᠎ᠤᠨ ᠡᠯᠡᠰᠦᠨ ᠳᠠᠩ᠎ᠤᠨ ᠬᠥᠯ ᠪᠥᠮᠪᠦᠭᠡ ᠵᠢᠨ ᠦᠷᠳᠡᠭᠡ ᠤᠷᠤᠯᠳᠤᠭ᠋ᠠᠨ᠎ᠤ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ ᠵᠡᠷᠭᠡ ᠲᠣᠮᠣ ᠬᠡᠯᠪᠡᠷᠢ ᠵᠢᠨ ᠠᠵᠢᠯᠯᠠᠭ᠎ᠠ ᠵᠢ ᠢᠳᠡᠪᠬᠢᠲᠡᠶ ᠳᠠᠭ᠋ᠠᠭ᠋ᠠᠴᠢᠯᠠᠨ ᠡᠷᠭᠢᠯᠡᠵᠦ᠂ ᠮᠠᠨ᠎ᠤ ᠬᠤᠲᠠ ᠵᠢᠨ ᠡᠯᠡᠰᠦᠨ ᠴᠥᠯ᠎ᠤᠨ ᠲᠠᠮᠢᠷ᠎ᠤᠨ ᠬᠥᠳᠡᠯᠭᠡᠭᠡᠨ᠎ᠤ ᠬᠦᠷᠢᠶᠡᠨ᠎ᠤ 《ᠰᠢᠨ᠎ᠡ ᠰᠢᠪᠲᠤᠯᠤᠯᠳᠠ》 ᠵᠢ ᠠᠬᠢᠭᠤᠯᠵᠤ᠂ ᠦᠬᠠᠶ ᠵᠢᠨ ᠥᠪᠡᠷᠮᠢᠴᠡ ᠣᠨᠴᠠᠯᠢᠭ᠎ᠲᠠᠢ 《ᠪᠡᠶ᠎ᠡ ᠵᠢᠨ ᠲᠠᠮᠢᠷ + ᠵᠢᠭᠤᠯᠴᠢᠯᠠᠯ》᠎ᠤᠨ ᠤᠷᠤᠯᠳᠤᠭ᠋ᠠᠨ᠎ᠤ IP ᠵᠢ ᠪᠣᠶ ᠪᠣᠯᠭ᠋ᠠᠨ᠎ᠠ᠃ ᠤᠬᠠᠭᠤᠯᠭ᠎ᠠ᠎ᠪᠠᠨ ᠴᠢᠩᠭ᠋ᠠᠳᠬᠠᠵᠤ᠂ ᠬᠤᠳᠠ ᠵᠢᠨ ᠠᠯᠳᠠᠷᠰᠢᠯ᠎ᠢ ᠳᠡᠭᠡᠭᠰᠢᠯᠡᠭᠦᠯᠵᠦ᠂ 2024 ᠣᠨ᠎ᠠᠴᠠ ᠨᠠᠰᠢ᠂ 《ᠡᠯᠡᠰᠦᠨ ᠴᠦᠯ᠎ᠳᠤ ᠲᠠᠯᠠᠢ ᠵᠢ ᠦᠵᠡᠬᠦ · ᠳᠤᠮᠳᠠᠳᠤ ᠤᠯᠤᠰ᠎ᠤᠨ ᠦᠬᠠᠢ》 ᠵᠢᠨ ᠲᠦᠷᠦᠯ ᠲᠡᠮᠳᠡᠭ᠎ᠢ ᠪᠦᠬᠦ ᠰᠦᠯᠵᠢᠶ᠎ᠡ᠎ᠪᠠᠷ 3.6 ᠳ᠋ᠦᠩᠰᠢᠭᠤᠷ ᠤᠳᠠᠭ᠎ᠠ ᠳᠡᠯᠭᠡᠨ ᠦᠵᠡᠭᠦᠯᠪᠡ᠃ ᠨᠡᠩ ᠤᠯᠠᠨ ᠰᠣᠳᠣᠨ ᠪᠦᠲᠦᠭᠡᠯ᠎ᠤᠨ ᠠᠵᠢᠯᠯᠠᠭ᠎ᠠ ᠵᠢ ᠦᠷᠭᠦᠯᠵᠢᠯᠡᠨ ᠲᠥᠰᠦᠪᠯᠡᠨ ᠭᠠᠷᠭ᠋ᠠᠵᠤ᠂ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠳᠠᠪᠠᠭᠤᠯᠢᠭ᠎ᠢ ᠥᠷᠭᠡᠨ ᠵᠶ᠋ᠠᠷ ᠠᠰᠢᠭᠯᠠᠵᠤ᠂ ᠤᠬᠠᠭᠤᠯᠭ᠎ᠠ ᠵᠢᠨ ᠬᠦᠭᠵᠢᠶᠡᠨᠳᠦ ᠴᠢᠭ᠎ᠢ ᠪᠤᠢ ᠪᠤᠯᠭ᠋ᠠᠵᠤ᠂ 《ᠡᠯᠡᠰᠦᠨ ᠴᠦᠯ᠎ᠳᠤ ᠲᠠᠯᠠᠢ ᠵᠢ ᠦᠵᠡᠬᠦ · ᠳᠤᠮᠳᠠᠳᠤ ᠤᠯᠤᠰ᠎ᠤᠨ ᠦᠬᠠᠶ》 ᠵᠢᠨ ᠲᠦᠷᠦᠯ ᠲᠡᠮᠳᠡᠭ᠎ᠤᠨ ᠲᠠᠲᠠᠬᠤ ᠬᠦᠴᠦᠨ᠎ᠢ ᠭᠦᠢ᠍ᠴᠡᠳ ᠪᠠᠳᠠᠷᠠᠭᠤᠯᠤᠨ᠎ᠠ᠃
ᠭᠤᠷᠪᠠ᠎ᠳᠤ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠶ᠋ᠠᠷ ᠰᠣᠶᠣᠯ᠎ᠢ ᠢᠯᠡᠷᠡᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠦᠬᠠᠶ ᠵᠢᠨ ᠣᠨᠴᠠᠯᠢᠭ ᠪᠦᠬᠦᠢ ᠲᠡᠤᠬᠡ ᠰᠣᠶᠣᠯ ᠪᠠᠶ᠋ᠢᠭ᠋ᠠᠯᠢ ᠵᠢᠨ ᠡᠬᠢ ᠪᠠᠶᠠᠯᠢᠭ ᠵᠶ᠋ᠠᠷ 《ᠡᠬᠢ ᠪᠤᠯᠠᠭ》 ᠪᠣᠯᠭ᠋ᠠᠵᠤ᠂ ᠦᠬᠠᠶ ᠵᠢᠨ ᠬᠠᠲᠤᠨ ᠭᠤᠤᠯ᠎ᠤᠨ ᠰᠣᠶᠣᠯ᠂ ᠬᠤᠪᠢᠰᠬᠠᠯ᠎ᠤᠨ ᠰᠣᠶᠣᠯ᠂ ᠦᠢ᠍ᠯᠡᠳᠪᠦᠷᠢ ᠠᠭᠤᠷᠬᠠᠶ ᠵᠢᠨ ᠰᠣᠶᠣᠯ᠎ᠤᠨ ᠣᠶᠤᠨ ᠰᠠᠨᠠᠭ᠋ᠠᠨ᠎ᠤ ᠳᠣᠲᠣᠷᠠᠬᠢ ᠴᠥᠮ᠎ᠡ ᠪᠣᠯᠤᠨ ᠴᠠᠭ ᠦᠶ᠎ᠡ ᠵᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠰᠣᠶᠣᠯ᠎ᠤᠨ ᠥᠪ᠎ᠢ ᠬᠠᠮᠠᠭ᠋ᠠᠯᠠᠬᠤ ᠪᠠ ᠠᠰᠢᠭᠯᠠᠬᠤ᠎ᠪᠠᠨ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠬᠢᠭᠡᠳ ᠰᠦᠯᠵᠢᠶᠡᠨ ᠭᠠᠳᠠᠨᠠᠬᠢ ᠰᠣᠯᠢᠯᠴᠠᠭ᠎ᠠ ᠵᠢ ᠤᠶᠠᠯᠳᠤᠭᠤᠯᠵᠤ᠂ ᠣᠯᠠᠨ ᠬᠠᠷᠠᠭ᠋ᠠᠰᠤ᠂ ᠣᠯᠠᠨ ᠠᠷᠭ᠎ᠠ ᠵᠠᠮ ᠵᠶ᠋ᠠᠷ ᠭᠤᠤᠯ ᠰᠡᠳᠦᠪᠲᠦ ᠵᠣᠬᠢᠶᠠᠨ ᠪᠦᠲᠦᠭᠡᠬᠦ᠂ ᠲᠣᠭᠯᠠᠯᠲᠠ ᠭᠠᠷᠭ᠋ᠠᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠡᠯ᠎ᠡ ᠭᠠᠵᠠᠷ᠎ᠤᠨ ᠵᠤᠭ᠋ᠠᠴᠠᠭᠰᠠᠳ᠎ᠢ ᠲᠡᠳᠡᠨ ᠠᠪᠴᠢᠷᠠᠵᠤ᠂ ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠨ ᠳᠠᠮᠵᠢᠭᠤᠯᠤᠨ᠎ᠠ ᠭᠡᠵᠡᠢ᠃