ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳ᠋ᠢᠩ ᠰᠢᠤ ᠹᠧᠩ ᠳ᠋ᠦᠩ ᠾᠧ ᠲᠣᠭᠤᠷᠢᠭ᠎ᠤᠨ ᠰᠠᠨ ᠭᠤᠸᠠᠨ ᠮᠢᠶᠣᠣ ᠲᠡᠦᠬᠡ ᠰᠣᠶᠣᠯ᠎ᠤᠨ ᠵᠡᠭᠡᠯᠢ ᠲᠣᠭᠤᠷᠢᠭ᠎ᠢ ᠲᠥᠯᠥᠪᠵᠢᠭᠦᠯᠦᠨ ᠡᠵᠡᠩᠨᠡᠬᠦ ᠲᠥᠰᠦᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-11-03


   10 ᠳ᠋ᠤᠭ᠋ᠠᠷ ᠰᠠᠷ᠎ᠠ ᠵᠢᠨ 28᠎ᠤ ᠡᠳᠦᠷ᠂ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠳ᠋ᠢᠩ ᠰᠢᠤ ᠹᠧᠩ ᠳ᠋ᠦᠩ ᠾᠧ ᠲᠣᠭᠤᠷᠢᠭ᠎ᠤᠨ ᠰᠠᠨ ᠭᠤᠸᠠᠨ ᠮᠢᠶᠣᠣ ᠲᠡᠦᠬᠡ ᠰᠣᠶᠣᠯ᠎ᠤᠨ ᠵᠡᠭᠡᠯᠢ ᠲᠣᠭᠤᠷᠢᠭ᠎ᠢ ᠲᠥᠯᠥᠪᠵᠢᠭᠦᠯᠦᠨ ᠡᠵᠡᠩᠨᠡᠬᠦ ᠲᠥᠰᠦᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠰᠣᠳᠤᠯᠤᠯ᠎ᠤᠨ ᠬᠦᠷᠢᠶᠡᠯᠡᠩ᠎ᠤᠨ᠎ᠬᠢᠨ ᠳ᠋ᠦᠩ ᠾᠧ ᠲᠣᠭᠤᠷᠢᠭ᠎ᠤᠨ ᠰᠠᠨ ᠭᠤᠸᠠᠨ ᠮᠢᠶᠣᠤ ᠵᠢᠨ ᠲᠡᠦᠬᠡ ᠰᠣᠶᠣᠯ᠎ᠤᠨ ᠵᠡᠭᠡᠯᠢ ᠲᠣᠭᠤᠷᠢᠭ᠎ᠤᠨ ᠪᠦᠬᠦᠯᠢ ᠴᠣᠭᠴᠠ ᠵᠢᠨ ᠲᠥᠯᠥᠪᠵᠢᠭᠦᠯᠭᠡ ᠡᠵᠡᠩᠨᠡᠯᠲᠡ ᠵᠢᠨ ᠲᠥᠰᠦᠯ᠎ᠢ ᠬᠠᠷᠢᠭᠤ ᠮᠡᠳᠡᠭᠦᠯᠵᠦ᠂ ᠬᠤᠷᠠᠯ᠎ᠳᠤ ᠣᠷᠣᠯᠴᠠᠭᠰᠠᠨ ᠬᠤᠳᠠ ᠵᠢᠨ ᠤᠳᠤᠷᠢᠳᠤᠯᠭ᠎ᠠ ᠪᠣᠯᠤᠨ ᠬᠤᠳᠠ ᠵᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ ᠶᠠᠷᠢᠶ᠎ᠠ ᠲᠠᠯᠪᠢᠵᠠᠢ᠃ ᠳ᠋ᠢᠩ ᠰᠢᠤ ᠹᠧᠩ ᠲᠦᠷᠦᠯ ᠵᠦᠢ᠍ᠯ᠎ᠤᠨ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠠᠵᠢᠯ᠎ᠢ ᠨᠤᠲᠠᠯᠠᠪᠠ᠃ ᠲᠡᠷᠡ᠂ ᠪᠤᠭᠤᠲᠤ ᠪᠣᠯ 《ᠪᠠᠷᠠᠭᠤᠨᠰᠢ ᠨᠡᠭᠦᠳᠡᠯᠯᠡᠭᠰᠡᠨ》 ᠲᠡᠦᠬᠡ ᠰᠣᠶᠣᠯ᠎ᠤᠨ ᠴᠢᠬᠤᠯᠠ ᠠᠴᠢᠶᠠᠯᠠᠪᠤᠷᠢ ᠵᠢᠨ ᠭᠠᠵᠠᠷ ᠪᠣᠯᠤᠨ᠎ᠠ᠃ ᠬᠠᠭᠤᠴᠢᠨ ᠪᠤᠭᠤᠲᠤ ᠵᠢᠨ 《ᠪᠠᠷᠠᠭᠤᠨᠰᠢ ᠨᠡᠭᠦᠳᠡᠯᠯᠡᠭᠰᠡᠨ》 ᠲᠡᠦᠬᠡᠨ᠎ᠳᠠᠬᠢ ᠴᠢᠬᠤᠯᠠ ᠦᠢ᠍ᠯᠡᠳᠦᠯ᠎ᠢ ᠭᠦᠨᠵᠡᠭᠡᠢ ᠠᠭᠤᠳᠠᠯᠵᠤ᠂ ᠲᠡᠦᠬᠡ ᠵᠢᠨ ᠪᠠᠷᠢᠯᠭ᠎ᠠ ᠵᠢᠨ ᠠᠷᠤ᠎ᠳᠠᠬᠢ ᠬᠥᠮᠦᠰ᠎ᠤᠨ ᠦᠯᠢᠭᠡᠷ᠎ᠢ ᠠᠮᠢᠳᠤᠯᠢᠭ ᠵᠶ᠋ᠠᠷ ᠰᠠᠶ᠋ᠢᠲᠤᠷ ᠶᠠᠷᠢᠵᠤ᠂ ᠡᠯᠪᠡᠭ ᠪᠠᠶᠠᠯᠢᠭ ᠰᠣᠶᠣᠯ᠎ᠤᠨ ᠠᠭᠤᠯᠤᠭᠳᠠᠬᠤᠨ᠎ᠢ ᠰᠠᠨ ᠭᠤᠸᠠᠨ ᠮᠢᠶᠣᠤ ᠵᠢᠨ ᠲᠡᠦᠬᠡ ᠰᠣᠶᠣᠯ᠎ᠤᠨ ᠵᠡᠭᠡᠯᠢ ᠲᠣᠭᠤᠷᠢᠭ᠎ᠢ ᠲᠥᠯᠥᠪᠵᠢᠭᠦᠯᠦᠨ ᠡᠵᠡᠩᠨᠡᠬᠦ ᠭᠤᠭᠴᠤᠭ᠎ᠠ ᠨᠢᠭᠡᠪᠦᠷᠢ᠂ ᠨᠠᠷᠢᠨ ᠵᠦᠢ᠍ᠯᠡᠰ ᠨᠢᠭᠡᠪᠦᠷᠢ᠎ᠳᠤ ᠳᠦᠷᠰᠦᠯᠢᠭ ᠵᠶ᠋ᠠᠷ ᠢᠯᠡᠷᠡᠭᠦᠯᠵᠦ᠂ ᠢᠯᠡ ᠲᠣᠳᠣ ᠢᠯᠭ᠋ᠠᠬᠤ ᠲᠡᠮᠳᠡᠭ ᠪᠣᠯᠤᠨ ᠥᠷᠭᠡᠨ ᠳᠡᠯᠭᠡᠷ ᠨᠥᠯᠥᠭᠡᠯᠡᠬᠦ ᠬᠦᠴᠦᠨ᠎ᠲᠠᠢ 《ᠬᠠᠭᠤᠴᠢᠨ ᠪᠤᠭᠤᠲᠤ ᠵᠢᠨ ᠪᠠᠷᠠᠭᠤᠨᠰᠢ ᠨᠡᠭᠦᠳᠡᠯᠯᠡᠭᠰᠡᠨ ᠲᠡᠦᠬᠡ ᠰᠣᠶᠣᠯ᠎ᠤᠨ ᠵᠡᠭᠡᠯᠢ ᠲᠣᠭᠤᠷᠢᠭ》᠎ᠢ ᠨᠠᠷᠢᠨ ᠨᠢᠮᠪᠠᠢ ᠴᠣᠭᠴᠠᠯᠠᠬᠤ ᠬᠡᠷᠡᠭᠲᠡᠢ᠃ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠶᠡᠭᠡ᠎ᠪᠠᠷ ᠨᠤᠷᠠᠭ᠋ᠠᠵᠤ ᠶᠡᠭᠡ᠎ᠪᠠᠷ ᠪᠠᠶ᠋ᠢᠭᠤᠯᠬᠤ ᠦᠭᠡᠢ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠲᠡᠦᠬᠡ ᠰᠣᠶᠣᠯ᠎ᠤᠨ ᠵᠡᠭᠡᠯᠢ ᠲᠣᠭᠤᠷᠢᠭ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠵᠤ᠂ 《ᠪᠦᠬᠦᠯᠢ ᠴᠣᠭᠴᠠ᠎ᠪᠠᠷ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠬᠠᠮᠤᠭ᠎ᠤᠨ ᠪᠠᠭ᠎ᠠ ᠭᠠᠷ ᠲᠦᠷᠦᠭᠦ᠂ ᠬᠠᠮᠤᠭ᠎ᠤᠨ ᠪᠠᠭ᠎ᠠ ᠪᠡᠯᠡ ᠣᠷᠣᠭᠤᠯᠬᠤ》 ᠵᠠᠷᠴᠢᠮ ᠶᠣᠰᠣᠭ᠋ᠠᠷ᠂ ᠲᠦᠭᠦᠷᠵᠢᠭᠦᠯᠬᠦ ᠰᠠᠭᠤᠷᠢ ᠲᠥᠬᠦᠭᠡᠷᠦᠮᠵᠢ ᠵᠢ ᠲᠥᠪᠯᠡᠷᠡᠭᠦᠯᠦᠨ ᠡᠷᠴᠢᠮᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠤᠨ ᠲᠡᠭᠦᠯᠳᠡᠷᠵᠢᠭᠦᠯᠵᠦ᠂ ᠤᠰᠤ ᠴᠠᠬᠢᠯᠭ᠋ᠠᠨ᠎ᠤ ᠬᠤᠭᠤᠯᠠᠢ ᠲᠣᠣᠷ ᠵᠡᠷᠭᠡ ᠵᠢ ᠥᠭᠡᠷᠡᠴᠢᠯᠡᠨ ᠳᠡᠭᠡᠭᠰᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠷᠢᠯᠭ᠎ᠠ ᠵᠢ ᠬᠠᠮᠠᠭ᠋ᠠᠯᠠᠨ ᠠᠰᠢᠭᠯᠠᠬᠤ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠰᠡᠳᠬᠢᠬᠦᠶ᠎ᠪᠠᠨ ᠴᠢᠩᠭ᠋ᠠᠳᠬᠠᠵᠤ᠂ ᠡᠵᠡᠩᠨᠡᠯᠲᠡ ᠬᠠᠮᠢᠶᠠᠷᠤᠯᠲᠠ ᠵᠢ ᠭᠤᠤᠯᠳᠠᠯᠭ᠎ᠠ ᠵᠢᠨ ᠳᠣᠲᠣᠷᠠᠬᠢ ᠭᠤᠤᠯᠳᠠᠯᠭ᠎ᠠ ᠪᠣᠯᠭ᠋ᠠᠵᠤ᠂ ᠰᠢᠭᠢᠳᠦᠨ ᠣᠷᠤᠵᠤ ᠪᠣᠯᠬᠤᠶ᠋ᠢᠴᠠ ᠦᠷᠭᠦᠯᠵᠢᠯᠡᠬᠦ᠋ᠢ᠍ᠴᠡ ᠬᠤᠳᠠᠯᠳᠤᠭ᠋ᠠᠨ᠎ᠤ ᠡᠵᠡᠩᠨᠡᠯᠲᠡ ᠵᠢᠨ ᠬᠡᠯᠪᠡᠷᠢ ᠪᠠᠶ᠋ᠢᠳᠠᠯ ᠵᠶ᠋ᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠷᠬᠢᠨ ᠲᠣᠭᠤᠷᠢᠨ᠎ᠤ ᠣᠷᠣᠨ ᠪᠦᠰᠡ ᠵᠢᠨ ᠲᠡᠤᠬᠡ ᠰᠣᠶᠣᠯ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠨᠢᠭᠡᠳᠦᠯᠲᠡᠶ ᠲᠥᠯᠥᠪᠵᠢᠭᠦᠯᠦᠨ ᠨᠡᠶ᠋ᠢᠲᠡ᠎ᠳᠤ᠎ᠨᠢ ᠬᠠᠷᠠᠭ᠋ᠠᠯᠵᠠᠵᠤ᠂ 《ᠵᠢᠩᠬᠢᠨᠢ ᠲᠡᠤᠬᠡ ᠵᠢᠨ ᠳᠤᠷᠠᠰᠬᠠᠯᠲᠤ ᠵᠦᠢ᠍ᠯᠡᠰ᠂ ᠬᠠᠭᠤᠴᠢᠨ ᠴᠠᠭ ᠮᠥᠴᠡ᠂ ᠰᠢᠨ᠎ᠡ ᠬᠡᠷᠡᠭᠯᠡᠭᠡ》 ᠵᠢᠨ ᠡᠵᠡᠩᠨᠡᠯᠲᠡ ᠵᠢᠨ ᠣᠶ᠋ᠢᠯᠠᠭ᠋ᠠᠭᠳᠠᠬᠤᠨ᠎ᠢ ᠢᠯᠡᠷᠡᠭᠦᠯᠵᠦ᠂ ᠵᠤᠭ᠋ᠠᠴᠠᠭᠰᠠᠳ᠎ᠢ ᠪᠥᠬᠦ ᠣᠷᠣᠨ ᠪᠦᠰᠡ ᠵᠢᠨ ᠨᠢᠭᠡ ᠴᠣᠭᠴᠠᠵᠢᠭᠰᠠᠨ ᠡᠯᠪᠡᠭ ᠪᠠᠶᠠᠯᠢᠭ ᠳᠠᠪᠬᠤᠷᠳᠠᠭᠰᠠᠨ ᠵᠤᠭ᠋ᠠᠴᠠᠯ᠎ᠤᠨ ᠪᠡᠶᠡᠴᠢᠯᠡᠨ ᠣᠶ᠋ᠢᠯᠠᠭ᠋ᠠᠯᠲᠠ᠎ᠲᠠᠢ ᠪᠠᠶ᠋ᠢᠯᠭ᠋ᠠᠬᠤ ᠬᠡᠷᠡᠭᠲᠡᠢ᠃ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠳᠠᠷᠤᠯᠲᠠ ᠥᠭᠴᠦ ᠲᠦᠷᠭᠡᠨ ᠠᠵᠢᠯᠯᠠᠵᠤ᠂ 《ᠰᠢᠢ᠍ᠳᠪᠦᠷᠢᠯᠡᠭᠳᠡᠬᠦᠢ ᠰᠡᠳᠬᠢᠬᠦᠶ》᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ 2025 ᠣᠨ᠎ᠤ ᠴᠠᠭ᠋ᠠᠨ ᠰᠠᠷ᠎ᠠ ᠵᠢᠨ ᠡᠨᠡᠬᠦ ᠵᠠᠩᠭᠢᠯᠠᠭ᠎ᠠ ᠵᠢᠨ ᠴᠡᠭ᠎ᠢ ᠠᠳᠬᠤᠵᠤ᠂ ᠨᠡᠭᠡᠭᠡᠨ ᠠᠰᠢᠭᠯᠠᠵᠤ ᠪᠣᠯᠬᠤ ᠣᠷᠣᠨ ᠪᠦᠰᠡ ᠵᠢ ᠤᠷᠢᠳᠠᠪᠠᠷ ᠬᠢᠵᠦ᠂ ᠲᠡᠮᠡᠴᠡᠨ ᠣᠯᠵᠤ ᠳᠡᠶ᠋ᠢᠯᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠵᠦ᠂ ᠪᠤᠭᠤᠲᠤ ᠵᠢᠨ ᠵᠢᠨ ᠵᠡᠭᠡᠯᠢ ᠵᠢᠨ ᠲᠤᠷᠰᠢᠯᠭ᠎ᠠ ᠠᠷᠭ᠎ᠠ ᠬᠢᠳᠡᠯ᠎ᠢ ᠰᠤᠷᠤᠯᠴᠠᠨ ᠲᠤᠯᠢᠳᠠᠵᠤ᠂ ᠬᠥᠮᠦᠰ᠎ᠤᠨ ᠬᠦᠷᠢᠶᠡᠯᠡᠯ᠎ᠢ ᠦᠷᠭᠦᠯᠵᠢᠯᠡᠨ ᠣᠯᠵᠤ᠂ ᠭᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠪᠦᠬᠦ ᠬᠤᠳᠠ ᠵᠢᠨ ᠰᠣᠶᠣᠯ ᠵᠤᠭ᠋ᠠᠴᠠᠯ᠎ᠤᠨ ᠬᠡᠷᠡᠭᠯᠡᠭᠡᠨ᠎ᠤ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ ᠭᠡᠪᠡ᠃ ᠬᠤᠲᠠ ᠵᠢᠨ ᠤᠳᠤᠷᠢᠳᠤᠯᠭ᠎ᠠ ᠸᠠᠩ ᠯᠢᠩ᠂ ᠸᠠᠩ ᠷᠦᠢ᠂ ᠯᠢᠶᠠᠨ ᠳ᠋ᠦᠩ᠂ ᠵᠠᠩ ᠪᠢᠨ᠂ ᠯᠢᠦ ᠶᠦᠩ ᠰᠢᠶᠠᠩ᠂ ᠬᠤᠲᠠ ᠵᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ ᠣᠷᠣᠯᠴᠠᠵᠠᠶ᠃

ᠢᠷᠡᠯᠲᠡ᠄ ᠪᠤᠭᠤᠲᠤ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠡᠷᠡᠰ᠎ᠢ ᠨᠡᠶ᠋ᠢᠲᠡᠯᠡᠪᠡ᠂ ᠪᠤᠭᠤᠳᠦ ᠬᠤᠲᠠ ᠰᠣᠩᠭᠤᠭᠳᠠᠪᠠ!
ᠪᠤᠭᠤᠳᠤ ᠵᠢᠨ ᠰᠤᠶᠤᠯ᠎ᠤᠨ ᠪᠦᠲᠦᠭᠡᠯᠴᠢ 《ᠦᠪᠤᠷ ᠮᠤᠩᠭᠤᠯ᠎ᠤᠨ ᠰᠣᠶᠣᠯ ᠵᠢᠭᠤᠯᠴᠢᠯᠠᠯ》 ᠵᠶ᠋ᠠᠷ ᠳᠠᠮᠵᠢᠨ ᠪᠡᠭᠡᠵᠢᠩ᠎ᠳᠤ ᠤᠷᠤᠪᠠ
ᠳ᠋ᠢᠩ ᠰᠢᠤ ᠹᠧᠩ 《ᠳᠡᠯᠡᠬᠡᠢ ᠳ᠋ᠠᠬᠢᠨ᠎ᠤ ᠬᠠᠳᠤᠨ ᠭᠤᠣᠯ᠎ᠤᠨ ᠨᠢᠭᠡᠳᠦᠭᠡᠷ ᠲᠣᠰᠬᠤᠨ》᠎ᠤ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠪᠤᠭᠤᠲᠤ᠎ᠳᠤ ᠢᠷᠡᠵᠤ ᠬᠠᠳᠤᠨ ᠭᠤᠤᠯ ᠬᠢᠭᠡᠳ ᠤᠷᠳᠤ ᠴᠠᠭ᠋ᠠᠨ ᠬᠡᠷᠡᠮ᠎ᠤᠨ ᠨᠠᠶ᠋ᠢᠷᠠᠯ ᠬᠦᠭᠵᠢᠮ᠎ᠢ ᠰᠤᠨᠤᠰᠤᠭ᠋ᠠᠷᠠᠢ
ᠳᠠᠭᠤᠤ᠎ᠪᠠᠷ ᠵᠠᠭᠤᠴᠢᠯᠠᠵᠤ ᠡᠯ᠎ᠡ ᠦᠨᠳᠦᠰᠦᠲᠡᠨ ᠡᠯ᠎ᠡ ᠭᠠᠵᠠᠷ ᠣᠷᠣᠨ᠎ᠤ ᠣᠨᠴᠠᠯᠢᠭ᠎ᠲᠠᠢ ᠠᠷᠠᠳ᠎ᠤᠨ ᠳᠠᠭᠤᠤ ᠵᠢᠨ ᠷᠢᠳᠢ ᠰᠢᠳᠢ ᠵᠢ ᠳᠡᠯᠭᠡᠨ ᠦᠵᠡᠭᠦᠯᠰᠦᠭᠡᠢ
 
            