ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨ᠎ᠤ ᠬᠤᠲᠠ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠴᠢᠳᠠᠪᠤᠷᠢ ᠵᠢᠨ ᠬᠢᠷᠢ ᠲᠦᠪᠰᠢᠨ ᠵᠶ᠋ᠠᠨ ᠬᠦᠴᠦᠯᠡᠨ ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄ 2024-11-22


    ᠰᠢ ᠵᠢᠨ ᠫᠢᠩ ᠶᠡᠷᠦᠩᠬᠡᠶ ᠱᠦᠵᠢ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠮᠠᠨ᠎ᠤ ᠬᠤᠲᠠ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢ ᠪᠠ ᠬᠠᠮᠢᠶᠠᠷᠤᠯᠲᠠ ᠵᠢᠨ ᠬᠢᠷᠢ ᠲᠦᠪᠰᠢᠨ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 11 ᠰᠠᠷ᠎ᠠ ᠵᠢᠨ 20᠎ᠤ ᠡᠳᠦᠷ᠂ ᠮᠠᠨ᠎ᠤ ᠬᠤᠲᠠ ᠦᠬᠠᠶ ᠬᠤᠲᠠ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠣᠯᠪᠠᠰᠤᠷᠠᠯ᠎ᠤᠨ ᠬᠤᠷᠠᠯ ᠡᠷᠭᠢᠯᠡᠪᠡ᠃ ᠬᠤᠲᠠ᠂ ᠲᠣᠭᠤᠷᠢᠭ ᠬᠤᠶᠠᠷ ᠱᠠᠲᠤᠨ᠎ᠤ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ ᠵᠢᠴᠢ ᠳᠥᠷᠪᠡᠳᠦᠭᠡᠷ ᠣᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠲᠤᠰᠬᠠᠢ ᠪᠠᠭ᠎ᠤᠨ ᠪᠦᠷᠢᠯᠳᠦᠬᠦᠨ ᠵᠡᠷᠭᠡ 40 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃ ᠪᠣᠯᠪᠠᠰᠤᠷᠠᠯ᠎ᠤᠨ ᠬᠤᠷᠠᠯ ᠳᠡᠭᠡᠷ᠎ᠡ᠂ ᠥᠪᠥᠷ ᠮᠣᠩᠭᠤᠯ᠎ᠤᠨ ᠮᠦᠽᠧᠶ ᠵᠢᠨ ᠬᠦᠷᠢᠶᠡᠯᠡᠩ᠎ᠤᠨ ᠳᠡᠳ᠋ ᠳᠠᠷᠤᠭ᠎ᠠ ᠵᠠᠩ ᠸᠧᠨ ᠫᠢᠩ ᠰᠢ ᠵᠢᠨ ᠫᠢᠩ᠎ᠤᠨ ᠰᠣᠶᠣᠯ ᠦᠵᠡᠯ ᠰᠠᠨᠠᠭ᠋ᠠᠨ᠎ᠤ ᠰᠢᠨ᠎ᠡ ᠴᠠᠭ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠳᠠᠬᠢ ᠵᠢᠯᠣᠭᠤᠳᠬᠤ ᠠᠴᠢ ᠬᠤᠯᠪᠣᠭᠳᠠᠯ᠎ᠢ ᠭᠦᠨᠵᠡᠭᠡᠢ ᠲᠠᠶ᠋ᠢᠯᠪᠤᠷᠢᠯᠠᠭᠰᠠᠨ ᠪᠥᠭᠡᠳ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠴᠢᠬᠤᠯᠠ ᠴᠢᠨᠠᠷ ᠪᠣᠯᠤᠨ ᠲᠤᠯᠭ᠋ᠠᠮ᠎ᠠ ᠴᠢᠨᠠᠷ᠎ᠢ ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠵᠢᠭ᠋ᠠᠵᠤ ᠭᠠᠷᠭ᠋ᠠᠭᠰᠠᠨ᠎ᠨᠢ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠪᠣᠯ ᠲᠡᠦᠬᠡ ᠰᠣᠶᠣᠯ᠎ᠤᠨ ᠤᠯᠠᠮᠵᠢᠯᠠᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠤ ᠢᠯᠡᠷᠡᠯ ᠮᠥᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯᠲᠠᠳ ᠡᠷᠬᠡᠪᠰᠢ 《ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠭᠡᠬᠦ ᠬᠡᠷᠡᠭᠲᠡᠶ ᠭᠡᠵᠡᠢ᠃ ᠡᠭᠦᠨ᠎ᠠᠴᠠ ᠭᠠᠳᠠᠨ᠎ᠠ᠂ ᠪᠣᠯᠪᠠᠰᠤᠷᠠᠯ᠎ᠤᠨ ᠬᠤᠷᠠᠯ᠎ᠨᠢ ᠪᠠᠰᠠ ᠴᠢᠨ ᠤᠯᠤᠰ᠎ᠤᠨ ᠠᠰᠬᠠᠨ ᠵᠠᠮ᠎ᠤᠨ ᠪᠠᠭᠤᠷᠢ ᠡᠪᠳᠡᠯᠡᠭᠡ᠎ᠳᠤ ᠤᠴᠠᠷᠠᠭᠰᠠᠨ ᠪᠣᠳᠠᠲᠠᠶ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠬᠤᠷᠠᠯ᠎ᠳᠤ ᠣᠷᠣᠯᠴᠠᠭᠰᠠᠳ᠎ᠲᠤ ᠰᠡᠷᠡᠮᠵᠢᠯᠡᠭᠦᠯᠬᠦ ᠬᠥᠮᠦᠵᠢᠯ ᠬᠢᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠤᠯᠢ ᠲᠦᠭᠡᠮᠡᠯᠵᠢᠭᠦᠯᠦᠯᠲᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠵᠤ᠂ ᠪᠥᠬᠦ ᠨᠡᠶ᠋ᠢᠭᠡᠮ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠲᠠᠨᠢᠯᠲᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠬᠠᠮᠠᠭ᠋ᠠᠯᠠᠬᠤ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠳᠡᠢ ᠭᠡᠵᠦ ᠱᠠᠭ᠋ᠠᠷᠳᠠᠪᠠ᠃

ᠢᠷᠡᠯᠲᠡ᠄ ᠦᠬᠠᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2024 ᠳᠤᠮᠳᠠᠳᠤ ᠤᠯᠤᠰ · ᠦᠬᠠᠶ ᠵᠢᠨ ᠡᠯᠡᠰᠦᠨ ᠴᠦᠯ᠎ᠤᠨ ᠨᠣᠭᠤᠭ᠋ᠠᠨ ᠪᠦᠷᠢᠳᠦ ᠡᠬᠡ ᠭᠠᠵᠠᠷ᠎ᠤᠨ ᠤᠷᠠᠯᠢᠭ᠎ᠤᠨ ᠤᠯᠠᠷᠢᠯ ᠡᠬᠢᠯᠡᠪᠡ
ᠼᠦᠢ ᠵᠢᠩ ᠶᠢᠩ ᠦᠬᠠᠢ ᠨᠠᠭᠤᠷ᠎ᠤᠨ ᠰᠡᠯᠡᠭᠦᠴᠡᠯ ᠠᠮᠠᠷᠠᠯᠲᠠ ᠵᠢᠨ ᠵᠢᠭᠤᠯᠴᠢᠯᠠᠯ᠎ᠤᠨ ᠣᠷᠣᠨ᠎ᠤ ᠨᠡᠭᠡᠭᠡᠯᠲᠡ ᠡᠵᠡᠩᠨᠡᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠦᠬᠠᠶ ᠵᠢᠨ ᠡᠪᠦᠯ᠎ᠤᠨ ᠤᠯᠠᠷᠢᠯ᠎ᠤᠨ ᠨᠠᠭ᠋ᠠᠳᠤᠮ᠎ᠤᠨ ᠰᠣᠶᠣᠯ ᠲᠠᠮᠢᠷ ᠵᠢᠭᠤᠯᠴᠢᠯᠠᠯ᠎ᠤᠨ ᠰᠢᠷᠢᠰ ᠠᠵᠢᠯᠯᠠᠭ᠎ᠠ ᠡᠬᠢᠯᠡᠪᠡ
ᠲᠠᠩᠺ ᠦᠬᠡᠷ ᠫᠤᠤ᠎ᠲᠠᠢ ᠨᠢᠭᠲᠠ ᠣᠶ᠋ᠢᠷᠠᠲᠤᠯᠴᠠᠬᠤ
 
            