3 ᠳ᠋ᠤᠭ᠋ᠠᠷ ᠰᠠᠷ᠎ᠠ ᠵᠢᠨ 22᠎ᠤᠨ ᠡᠳᠦᠷ᠂ ᠬᠥᠬᠡᠬᠣᠲᠠ ᠵᠢᠨ 《ᠠᠵᠢᠯ᠎ᠤᠨ ᠪᠠᠢ᠌ᠷᠢ》 ᠲᠠᠨ᠎ᠢ ᠬᠦᠯᠢᠶᠡᠵᠦ ᠪᠠᠢ᠌ᠨ᠎ᠠ — ᠬᠥᠬᠡᠬᠣᠲᠠ ᠵᠢᠨ 2025 ᠣᠨ᠎ᠤ ᠳᠡᠭᠡᠳᠦ ᠰᠤᠷᠭ᠋ᠠᠭᠤᠯᠢ ᠵᠢᠨ ᠤᠶᠤᠲᠠᠳ ᠠᠴᠠ ᠠᠵᠢᠯᠲᠠᠨ ᠡᠯᠰᠡᠬᠦ ᠲᠤᠭᠤᠷᠢᠭᠤᠯ ᠴᠤᠭᠯᠠᠭ᠋ᠠᠨ ᠥᠪᠥᠷ ᠮᠣᠩᠭᠣᠯ᠎ᠤᠨ ᠶᠡᠬᠡ ᠰᠤᠷᠭ᠋ᠠᠭᠤᠯᠢ (ᠡᠮᠦᠨ᠎ᠡ ᠲᠣᠭᠣᠷᠢᠭ)᠎ᠳᠤ ᠶᠠᠪᠤᠭᠳᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠎ᠠᠴᠠ ᠨᠡᠶ᠋ᠢᠲᠡ 704 ᠲᠥᠪ᠎ᠤᠨ (ᠤᠯᠤᠰ ᠤᠨ) ᠠᠵᠤ ᠠᠬᠤᠢ᠌ᠯᠠᠯ ᠪᠠ ᠴᠢᠨᠠᠷ ᠰᠠᠢ᠌ᠲᠠᠢ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ ᠢ ᠴᠤᠭᠯᠠᠭᠤᠯᠵᠤ᠂ ᠰᠢᠨ᠎ᠡ᠎ᠪᠠᠷ ᠬᠥᠭᠵᠢᠭᠰᠡᠨ ᠮᠡᠷᠭᠡᠵᠢᠯ᠂ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ 16 ᠠᠵᠢᠯ ᠲᠥᠷᠥᠯ᠎ᠤᠨ ᠬᠦᠷᠢᠶ᠎ᠡ ᠵᠢ ᠬᠠᠮᠤᠷᠴᠤ᠂ 20000 ᠭᠠᠷᠤᠢ ᠣᠯᠠᠨ ᠡᠰᠢᠵᠢᠭᠰᠡᠨ ᠴᠢᠨᠠᠷ ᠰᠠᠢ᠌ᠲᠠᠢ ᠠᠵᠢᠯ᠎ᠤᠨ ᠪᠠᠢ᠌ᠷᠢ ᠵᠢ ᠬᠠᠩᠭ᠋ᠠᠵᠤ᠂ ᠨᠡᠶ᠋ᠢᠲᠡ 1.1 ᠲᠦᠮᠡᠨ ᠬᠥᠮᠥᠨ ᠤᠳᠠᠭ᠋ᠠᠨ ᠤ ᠤᠶᠤᠲᠠᠳ᠎ᠢ ᠲᠡᠳᠡᠨ ᠠᠪᠴᠢᠷᠠᠵᠤ᠂ 8000 ᠭᠠᠷᠤᠢ ᠬᠤᠪᠢ ᠲᠣᠪᠴᠢ ᠨᠠᠮᠲᠠᠷ᠎ᠢ ᠴᠤᠭᠯᠠᠭᠤᠯᠤᠭᠰᠠᠨ ᠪᠠᠢ᠌ᠨ᠎ᠠ᠃
ᠠᠵᠢᠯᠲᠠᠨ ᠡᠯᠰᠡᠬᠦ ᠴᠤᠭᠯᠠᠭ᠋ᠠᠨ᠎ᠤ ᠲᠤᠬᠠᠢ ᠵᠢᠨ ᠲᠠᠯᠠᠪᠤᠷ᠎ᠲᠤ 《ᠠᠰᠫᠢᠷᠠᠨᠲ ᠳ᠋ᠤᠺᠲ᠋ᠤᠷ᠎ᠤᠨ ᠴᠢᠳᠠᠪᠤᠷᠢᠲᠠᠨ》᠂ 《ᠤᠯᠤᠰ᠎ᠤᠨ (ᠲᠥᠪ᠎ᠤᠨ) ᠠᠵᠤ ᠠᠬᠤᠢ᠌ᠯᠠᠯ》᠂ 《ᠵᠢᠷᠭᠤᠭ᠋ᠠᠨ ᠲᠣᠮᠣ ᠠᠵᠤ ᠦᠢ᠍ᠯᠡᠰ᠎ᠤᠨ ᠪᠦᠯᠦᠭᠯᠡᠯ》 ᠵᠡᠷᠭᠡ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ ᠲᠤᠰᠬᠠᠢ ᠣᠷᠣᠨ ᠭᠠᠷᠭ᠋ᠠᠵᠤ᠂ ᠰᠢᠨ᠎ᠡ ᠡᠨᠧᠷᠭᠢ᠂ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠠᠯᠠᠮᠰᠢᠯ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠥᠬᠡᠬᠣᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠪᠠ ᠳᠡᠭᠡᠳᠦ ᠰᠤᠷᠭ᠋ᠠᠭᠤᠯᠢ ᠵᠢᠨ ᠤᠶᠤᠲᠠᠳ ᠤᠨ ᠠᠵᠢᠯ ᠡᠷᠢᠬᠦ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠪᠠ᠃ ᠡᠭᠦᠨ᠎ᠳᠤ᠂ 《ᠰᠣᠶᠣᠯ ᠵᠢᠭᠤᠯᠴᠢᠯᠠᠯ᠎ᠤᠨ ᠤᠬᠠᠭᠤᠯᠭ᠎ᠠ ᠪᠠ ᠪᠡᠶᠡᠴᠢᠯᠡᠨ ᠣᠢ᠌ᠯᠠᠭ᠋ᠠᠬᠤ ᠣᠷᠣᠨ》᠎ᠨᠢ ᠲᠣᠰ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠭᠢᠯᠠᠰ ᠴᠡᠭ ᠪᠣᠯᠤᠭᠰᠠᠨ ᠪᠠᠢ᠌ᠨ᠎ᠠ᠃ ᠪᠤᠳᠠᠰ ᠤᠨ ᠪᠤᠰᠤ ᠰᠤᠶᠤᠯ ᠤᠨ ᠥᠪ ᠤᠨ ᠵᠠᠯᠭ᠋ᠠᠮᠵᠢᠯᠠᠭᠴᠢ ᠵᠢᠨ ᠲᠤᠬᠠᠢ ᠵᠢᠨ ᠲᠠᠯᠠᠪᠠᠢ ᠵᠢᠨ ᠦᠵᠡᠭᠦᠯᠭᠡ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠤᠷᠠᠯᠢᠭᠵᠢᠭᠤᠯᠤᠨ ᠳᠡᠯᠭᠡᠨ ᠦᠵᠡᠭᠦᠯᠬᠦ᠎ᠪᠠᠷ ᠳᠠᠮᠵᠢᠭᠤᠯᠵᠤ ᠪᠤᠳᠠᠰ ᠤᠨ ᠪᠤᠰᠤ ᠰᠣᠶᠣᠯ᠎ᠤᠨ ᠥᠪ ᠪᠤᠯᠬᠤ ᠠᠯᠲᠠᠨ ᠤᠲᠠᠰᠤᠨ ᠤ ᠹᠠᠯᠠᠨ᠂ ᠦᠰᠦᠲᠦ ᠰᠠᠮᠵᠠ ᠪᠠ ᠲᠠᠯ᠎ᠠ ᠨᠤᠲᠤᠭ᠎ᠤᠨ ᠰᠣᠶᠣᠯ᠎ᠤᠨ ᠡᠭᠦᠳᠦᠯᠲᠡ ᠵᠡᠷᠭᠡ ᠭᠣᠢ᠌ᠳᠠ ᠰᠠᠢ᠌ᠬᠠᠨ ᠪᠦᠲᠦᠭᠡᠯ᠎ᠤᠳ ᠵᠶ᠋ᠡᠷ ᠤᠮᠠᠷᠠᠲᠤ ᠬᠢᠵᠠᠭ᠋ᠠᠷ ᠤᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠠᠮᠢᠳᠤᠯᠢᠭ ᠵᠶ᠋ᠠᠷ ᠢᠯᠡᠷᠡᠭᠦᠯᠵᠦ᠂ ᠵᠠᠯᠠᠭᠤᠴᠤᠳ᠎ᠤᠨ ᠬᠥᠬᠡᠬᠣᠲᠠ ᠵᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠵᠢ ᠨᠡᠮᠡᠭᠳᠡᠭᠦᠯᠵᠡᠢ᠃
ᠰᠤᠷᠤᠭᠴᠢᠳ ᠵᠣᠬᠢᠶᠠᠨ ᠪᠦᠲᠦᠭᠡᠬᠦ ᠶᠠᠪᠤᠴᠠ ᠵᠢ ᠪᠡᠶᠡᠴᠢᠯᠡᠨ ᠣᠢ᠌ᠯᠠᠭ᠋ᠠᠵᠤ᠂ ᠮᠣᠷᠢᠨ ᠬᠤᠭᠤᠷ᠎ᠤᠨ ᠢᠷᠠᠭᠤ ᠠᠶᠠᠯᠭᠤ ᠳᠤᠮᠳᠠ ᠬᠠᠷᠢᠯᠴᠠᠨ ᠬᠥᠳᠡᠯᠦᠯᠴᠡᠬᠦ᠎ᠪᠠᠷ ᠳᠠᠮᠵᠢᠨ ᠬᠥᠬᠡᠬᠣᠲᠠ ᠵᠢᠨ ᠲᠡᠦᠬᠡ ᠵᠢᠨ ᠬᠤᠷᠠᠮᠳᠤᠯ ᠪᠣᠯᠣᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠣᠢ᠌ᠯᠠᠭ᠋ᠠᠪᠠ᠃
ᠤᠶᠤᠲᠠᠳ ᠤᠯᠠᠮᠵᠢᠯᠠᠯᠲᠤ ᠭᠠᠷ ᠤᠷᠠᠯᠠᠯ ᠢ ᠰᠤᠨᠢᠷᠬᠠᠭᠰᠠᠨ᠎ᠨᠢ ᠡᠨᠡ ᠬᠣᠲᠠ ᠵᠢᠨ ᠲᠡᠦᠬᠡ ᠰᠣᠶᠣᠯ᠎ᠤᠨ ᠠᠭᠤᠯᠬᠤᠨ ᠢ ᠨᠠᠩ ᠭᠦᠨᠵᠡᠭᠡᠢ ᠣᠢ᠌ᠯᠠᠭ᠋ᠠᠵᠤ᠂ ᠡᠨᠳᠡ ᠦᠯᠡᠳᠡᠵᠦ ᠦᠢ᠍ᠯᠡᠰ ᠵᠶ᠋ᠠᠨ ᠴᠤᠭᠴᠠᠯᠠᠬᠤ ᠬᠦᠰᠡᠯ᠎ᠢ ᠨᠠᠩ ᠴᠢᠩᠭ᠎ᠠ ᠪᠣᠯᠭ᠋ᠠᠵᠤ ᠴᠢᠳᠠᠨ᠎ᠠ ᠭᠡᠵᠦ ᠢᠯᠡᠳᠬᠡᠵᠡᠭᠡᠵᠦ ᠪᠠᠢ᠌ᠯ᠎ᠠ᠃