ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠷᠠᠰᠢᠶᠠᠨ ᠬᠣᠲᠠ ᠲᠤᠯᠤᠭ᠋ᠠᠨ ᠶᠡᠬᠡ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄ 2025-02-21

     2 ᠳ᠋ᠤᠭ᠋ᠠᠷ ᠰᠠᠷ᠎ᠠ ᠵᠢᠨ 14᠎ᠤ ᠡᠳᠦᠷ᠂ 2025 ᠣᠨ᠎ᠤ ᠷᠠᠰᠢᠶᠠᠨ ᠬᠣᠲᠠ ᠵᠢᠨ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠰᠢᠶᠠᠨ ᠬᠣᠲᠠ᠎ᠳᠤ ᠶᠠᠪᠤᠭᠳᠠᠪᠠ᠃ ᠬᠤᠷᠠᠯ᠎ᠠᠴᠠ ᠳᠤᠷᠠᠳᠤᠭᠰᠠᠨ᠎ᠨᠢ᠂ 《ᠡᠬᠢᠯᠡᠯᠲᠡ ᠪᠣᠯ ᠰᠢᠢ᠍ᠳᠪᠦᠷᠢᠲᠦ ᠳᠠᠢ᠌ᠯᠠᠯᠳᠤᠭ᠋ᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ》 ᠭᠡᠬᠦ ᠪᠠᠢ᠌ᠳᠠᠯ ᠵᠶ᠋ᠠᠷ 《ᠤᠯᠤᠰ᠎ᠲᠤ᠎ᠪᠠᠨ ᠲᠡᠷᠢᠭᠦᠨ ᠵᠡᠷᠭᠡ᠂ ᠳᠡᠯᠡᠬᠡᠢ᠎ᠳᠤ ᠠᠯᠳᠠᠷ ᠴᠣᠣᠲᠤ》   ᠵᠢᠭᠤᠯᠴᠢᠯᠠᠯ ᠠᠮᠠᠷᠠᠯᠲᠠ ᠵᠢᠨ ᠬᠤᠳᠠ ᠵᠢ ᠪᠦᠲᠦᠭᠡᠨ ᠪᠠᠶ᠋ᠢᠭᠤᠯᠬᠤ ᠵᠢᠨ ᠲᠥᠯᠥᠭᠡ ᠴᠢᠷᠮᠠᠢ᠌ᠨ ᠲᠡᠮᠡᠴᠡᠨ᠎ᠡ ᠭᠡᠪᠡ᠃
      ᠬᠤᠷᠠᠯ᠎ᠠᠴᠠ ᠷᠠᠰᠢᠶᠠᠨ ᠬᠤᠳᠠ ᠵᠢᠨ 2024 ᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠳ᠋ᠦᠩᠨᠡᠵᠡᠢ᠃ 2024 ᠣᠨ᠎ᠳᠤ᠂ ᠷᠠᠰᠢᠶᠠᠨ ᠬᠣᠲᠠ ᠪᠥᠬᠥ ᠵᠢᠯ᠎ᠳᠤ 576.6 ᠲᠦᠮᠡᠨ ᠵᠢᠭᠤᠯᠴᠢᠯᠠᠭᠴᠢᠳ᠎ᠢ ᠭᠥᠯᠢᠶᠡᠨ ᠠᠪᠴᠤ᠂ 73.66 ᠳ᠋ᠦᠩᠰᠢᠭᠤᠷ ᠲᠥᠭᠥᠷᠢᠭ᠎ᠤᠨ ᠵᠢᠭᠤᠯᠴᠢᠯᠠᠯ᠎ᠤᠨ ᠣᠷᠣᠯᠭ᠎ᠠ ᠵᠢ ᠪᠡᠶᠡᠯᠡᠭᠦᠯᠪᠡ᠃ ᠵᠢᠭᠤᠯᠴᠢᠯᠠᠭᠴᠢᠳ᠎ᠤᠨ ᠲᠦᠳᠡᠬᠦ ᠴᠠᠭ᠎ᠢ 1.6 ᠡᠳᠦᠷ ᠪᠠᠢ᠌ᠭᠰᠠᠨ᠎ᠠᠴᠠ 2.5 ᠡᠳᠦᠷ ᠪᠣᠯᠭ᠋ᠠᠨ ᠤᠷᠲᠤᠳᠬᠠᠵᠤ᠂ ᠵᠢᠭᠤᠯᠴᠢᠯᠠᠯ᠎ᠤᠨ ᠬᠥᠭᠵᠢᠶᠡᠨᠲᠦ ᠤᠯᠠᠷᠢᠯ᠎ᠢ 60 ᠡᠳᠦᠷ ᠰᠢᠬᠠᠮ ᠤᠷᠲᠤᠳᠬᠠᠵᠤ᠂ ᠵᠢᠭᠤᠯᠴᠢᠯᠠᠯ᠎ᠤᠨ ᠦᠢ᠍ᠯᠡᠰ᠎ᠢ 《ᠨᠢᠭᠡ ᠤᠯᠠᠷᠢᠯ ᠬᠠᠯᠠᠭᠤᠨ》᠎ᠠᠴᠠ 《ᠭᠤᠷᠪᠠᠨ ᠤᠯᠠᠷᠢᠯ ᠬᠦᠭᠵᠢᠶᠡᠨᠲᠠᠢ》 ᠵᠢ ᠪᠡᠶᠡᠯᠡᠭᠦᠯᠵᠡᠢ᠃
      ᠬᠤᠷᠠᠯ᠎ᠠᠴᠠ 2025 ᠣᠨ᠎ᠤ ᠷᠠᠰᠢᠶᠠᠨ ᠬᠤᠳᠠ ᠵᠢᠨ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠵᠢ ᠳᠤᠷᠠᠳᠪᠠ᠄ 《ᠨᠢᠭᠡ ᠬᠣᠲᠠ᠎ᠪᠠᠷ ᠬᠥᠲᠥᠯᠥᠨ ᠳᠠᠭ᠋ᠠᠭᠤᠯᠵᠤ᠂ ᠲᠠᠪᠤᠨ ᠲᠣᠭᠣᠷᠢᠭ ᠵᠶ᠋ᠠᠷ ᠲᠤᠯᠭ᠋ᠠᠭᠤᠷᠢᠯᠠᠭᠤᠯᠬᠤ》 ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠪᠣᠷᠣ ᠲᠥᠯᠥᠪ᠎ᠢ ᠪᠦᠬᠦ ᠲᠠᠯ᠎ᠠ᠎ᠪᠠᠷ ᠰᠢᠯᠢᠳᠡᠭᠵᠢᠭᠦᠯᠵᠦ᠂ ᠵᠢᠷᠭᠤᠭ᠋ᠠᠨ ᠶᠡᠬᠡ ᠦᠵᠡᠮᠵᠢ ᠵᠢᠨ ᠣᠷᠣᠨ᠎ᠳᠤ A ᠳᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠬᠢᠨᠠᠨ ᠲᠣᠭᠲᠠᠭ᠋ᠠᠯᠲᠠ ᠵᠢ ᠪᠦᠬᠦᠨ᠎ᠢ ᠵᠢᠷᠭᠤᠭ᠋ᠠᠨ ᠲᠣᠮᠣ ᠭᠣᠣᠯᠯᠠᠬᠤ ᠦᠢ᠍ᠯᠡᠳᠬᠦᠨ᠎ᠢ ᠪᠥᠬᠥ ᠲᠠᠯ᠎ᠠ᠎ᠪᠠᠷ ᠲᠠᠰ ᠳᠡᠪᠰᠢᠭᠦᠯᠵᠦ᠂ ᠵᠢᠷᠭᠤᠭ᠋ᠠᠨ ᠲᠣᠮᠣ ᠲᠣᠭᠣᠷᠢᠯ ᠵᠠᠮ᠎ᠤᠨ ᠳᠣᠲᠣᠷ᠎ᠠ᠎ᠪᠠᠨ ᠬᠣᠯᠪᠤᠭ᠋ᠠᠯᠠᠨ ᠭᠠᠳᠠᠨ᠎ᠠ᠎ᠪᠠᠨ ᠰᠠᠭ᠋ᠠᠳ ᠦᠭᠡᠢ ᠨᠡᠪᠲᠡᠷᠡᠬᠦ ᠵᠢ ᠪᠡᠶᠡᠯᠡᠭᠦᠯᠦᠨ᠂ ᠠᠮᠠᠷᠠᠯᠲᠠ ᠵᠢᠨ ᠵᠢᠭᠤᠯᠴᠢᠯᠠᠯ᠂ ᠰᠥᠨᠢ ᠵᠢᠨ ᠵᠢᠭᠤᠯᠴᠢᠯᠠᠯ᠂ ᠬᠢᠯᠢ ᠵᠢᠨ ᠵᠢᠭᠤᠯᠴᠢᠯᠠᠯ᠂ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠶᠠᠰᠤ ᠴᠢᠨᠠᠷ ᠦᠷ᠎ᠡ ᠠᠰᠢᠭ᠎ᠢ ᠵᠡᠷᠭᠡ᠎ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠪᠠᠢ᠌ᠯᠭ᠋ᠠᠵᠤ᠂ ᠵᠢᠭᠤᠯᠴᠢᠯᠠᠭᠴᠢᠳ᠎ᠤᠨ ᠬᠠᠨᠤᠮᠵᠢ ᠵᠢᠨ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠂ ᠵᠢᠭᠤᠯᠴᠢᠯᠠᠯ᠎ᠤᠨ ᠬᠥᠮᠥᠨ᠎ᠤ ᠲᠣᠭ᠎ᠠ ᠵᠢ ᠳᠠᠪᠬᠤᠷᠳᠠᠭᠰᠠᠨ ᠬᠦᠮᠦᠨ᠎ᠤ ᠲᠣᠭ᠎ᠠ᠎ᠪᠠᠷ 500 ᠲᠦᠮᠨ᠎ᠠᠴᠠ ᠳᠡᠭᠡᠭᠰᠢ ᠪᠠᠢ᠌ᠯᠭ᠋ᠠᠬᠤ᠎ᠪᠠᠷ ᠴᠢᠷᠮᠠᠢ᠌ᠵᠤ᠂ ᠵᠢᠭᠤᠯᠴᠢᠯᠠᠯ᠎ᠤᠨ ᠣᠷᠣᠯᠭ᠎ᠠ ᠵᠢ 80 ᠳ᠋ᠦᠩᠰᠢᠭᠤᠷ ᠲᠥᠭᠥᠷᠢᠭ᠎ᠠᠴᠠ ᠳᠠᠪᠠᠭᠤᠯᠤᠨ᠂ ᠪᠥᠬᠥ ᠣᠷᠣᠨ ᠪᠦᠰᠡ᠎ᠪᠠᠷ ᠵᠶ᠋ᠡᠨ 《ᠬᠥᠭᠵᠢᠶᠡᠨ᠎ᠲᠠᠢ》᠂ ᠪᠥᠬᠥ ᠤᠯᠠᠷᠢᠯ ᠵᠶ᠋ᠠᠷ ᠵᠶ᠋ᠠᠨ ᠬᠥᠭᠵᠢᠭᠰᠡᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠨ᠎ᠠ᠃
      ᠡᠨᠡ ᠬᠦ᠌ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠷᠠᠰᠢᠶᠠᠨ ᠬᠣᠲᠠ ᠵᠢᠨ᠎ᠬᠢᠨ ᠲᠤᠯᠤᠭ᠋ᠠᠨ ᠶᠡᠬᠡ ᠢᠨᠵᠧᠨᠧᠷᠢᠩ᠎ᠢ ᠭᠣᠣᠯᠳᠠᠯᠭ᠎ᠠ᠎ᠲᠠᠢ ᠰᠠᠢ᠌ᠲᠤᠷ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠄ ᠨᠢᠭᠡ᠎ᠳᠤ᠂ ᠦᠵᠡᠮᠵᠢ ᠵᠢᠨ ᠣᠷᠣᠨ᠎ᠤ ᠲᠠᠩᠰᠠ ᠡᠪᠬᠡᠮᠡᠯ᠎ᠢ ᠳᠡᠭᠡᠭᠰᠢᠯᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ; ᠬᠣᠶᠠᠷ᠎ᠲᠤ᠂ ᠲᠦᠷᠦᠯ ᠵᠦᠢ᠍ᠯ᠎ᠢ ᠲᠥᠯᠥᠪᠵᠢᠭᠦᠯᠵᠦ ᠠᠬᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ; ᠭᠤᠷᠪᠠ᠎ᠳᠤ᠂ ᠳᠡᠭᠡᠳᠦ ᠲᠠᠰ᠎ᠤᠨ ᠦᠢ᠍ᠯᠡᠳᠬᠦᠨ᠎ᠢ ᠪᠣᠶ ᠪᠣᠯᠭ᠋ᠠᠬᠤ ᠢᠨᠵᠧᠨᠧᠷᠢᠩ᠎ᠢ ᠬᠡᠷᠡᠭᠵᠢᠭᠦᠯᠦᠨ᠎ᠡ; ᠳᠥᠷᠪᠡ᠎ᠳᠤ᠂ ᠨᠡᠪᠲᠡᠷᠡᠬᠦ ᠵᠠᠮ᠎ᠤᠨ ᠪᠦᠲᠦᠭᠡᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ; ᠲᠠᠪᠤ᠎ᠳᠤ᠂ ᠤᠬᠠᠭᠤᠯᠭ᠎ᠠ ᠪᠣᠷᠤᠯᠠᠭᠤᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ; ᠵᠢᠷᠭᠤᠭ᠎ᠠ᠎ᠳᠤ᠂ ᠦᠢ᠍ᠯᠡᠴᠢᠯᠡᠭᠡᠨ᠎ᠤ ᠬᠠᠮᠢᠶᠠᠷᠤᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ; ᠲᠤᠯᠤᠭ᠎ᠠ᠎ᠳᠤ᠂ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠲᠤᠯᠤᠭ᠋ᠠᠨ ᠶᠡᠬᠡ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠷᠠᠰᠢᠶᠠᠨ ᠬᠣᠲᠠ ᠵᠢᠭᠤᠯᠴᠢᠯᠠᠯ᠎ᠤᠨ ᠦᠢ᠍ᠯᠡᠰ᠎ᠢ ᠦᠨᠡᠨ ᠬᠦ᠌ ᠪᠥᠬᠥ ᠬᠣᠲᠠ ᠵᠢᠨ ᠲᠤᠯᠭ᠋ᠠᠭᠤᠷᠢ ᠠᠵᠤ ᠦᠢ᠍ᠯᠡᠰ᠂ ᠠᠷᠠᠳ᠎ᠤᠨ ᠠᠮᠢᠳᠤᠷᠠᠯ᠎ᠤᠨ ᠠᠵᠤ ᠦᠢ᠍ᠯᠡᠰ᠂ ᠵᠣᠯ ᠵᠢᠷᠭ᠋ᠠᠯ᠎ᠤᠨ ᠠᠵᠤ ᠦᠢ᠍ᠯᠡᠰ   ᠪᠣᠯᠭ᠋ᠠᠨ᠎ᠠ᠃ (ᠠᠯᠳᠠᠷᠲᠤ)  

ᠢᠷᠡᠯᠲᠡ᠄ ᠳᠤᠮᠳᠠᠳᠤ ᠤᠯᠤᠰ᠎ᠤᠨ ᠰᠣᠶᠣᠯ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠭᠦᠶᠠᠩ ᠰᠢᠶᠠᠨ᠎ᠳᠤ ᠬᠦᠷᠴᠦ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ 2025 ᠣᠨ᠎ᠤ ᠰᠢ ᠠᠨ᠎ᠤ ᠲᠣᠷᠭ᠋ᠠᠨ ᠎ᠤ ᠵᠠᠮ ᠣᠯᠠᠨ ᠤᠯᠤᠰ᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠤᠷᠤᠯᠴᠠᠪᠠ
《ᠤᠮᠠᠷᠠᠲᠤ ᠬᠢᠵᠠᠭ᠋ᠠᠷ ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ — 2025 ᠣᠷᠳᠣᠰ᠎ᠤᠨ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠯᠲᠠ ᠵᠢᠨ ᠪᠥᠬᠥ ᠤᠯᠤᠰ᠎ᠤᠨ ᠲᠣᠭᠣᠷᠢᠨ ᠲᠣᠭᠯᠠᠯᠲᠠ》 ᠪᠡᠭᠡᠵᠢᠩ᠎ᠳᠤ ᠡᠬᠢᠯᠡᠪᠡ
《ᠣᠪᠣᠭ᠋ᠠᠨ ᠳᠡᠭᠡᠷᠡᠬᠢ ᠠᠭᠣᠯᠵᠠᠯᠳᠠ ᠵᠢᠨ ᠭᠠᠵᠠᠷ — ᠲᠦᠩᠯᠢᠶᠣᠤ》 ᠵᠢᠭᠣᠯᠴᠢᠯᠡᠯ᠎ᠤᠨ ᠨᠡᠷᠡᠳᠦ ᠳᠡᠮᠳᠡᠭ ᠨᠡᠢ᠌ᠰᠯᠡᠯ᠎ᠳᠤ ᠣᠷᠣᠪᠠ
ᠲᠢᠩᠬᠢᠮ᠎ᠤᠨ ᠲᠡᠳ᠋ ᠳᠠᠷᠣᠭ᠎ᠠ ᠢᠤᠢ ᡁᠢ ᠬᠦᠸᠸ ᠣᠷᠳᠣᠰ ᠬᠣᠳᠠ᠎ᠳᠤ ᠬᠦᠷᠴᠤ ᠳᠣᠬᠠᠢ ᠵᠢᠨ ᠭᠠᠵᠠᠷ᠎ᠤᠨ ᠵᠢᠭᠣᠯᠴᠢᠯᠠᠯ᠎ᠤᠨ ᠬᠦᠭᠵᠢᠯᠳᠡ ᠵᠢ ᠪᠠᠢ᠌ᠴᠠᠭ᠋ᠠᠨ ᠰᠣᠳᠣᠯᠪᠠ
 
            