ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ 2025 ᠣᠨ᠎ᠤ ᠰᠢ ᠠᠨ᠎ᠤ ᠲᠣᠷᠭ᠋ᠠᠨ ᠎ᠤ ᠵᠠᠮ ᠣᠯᠠᠨ ᠤᠯᠤᠰ᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠤᠷᠤᠯᠴᠠᠪᠠ
ᠨᠡᠶᠢᠲᠡᠯᠡᠭᠰᠡᠨ ᠴᠠᠭ᠄ 2025-05-06

      ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠪᠡᠭᠡᠵᠢᠩ ᠥᠪᠥᠷ ᠮᠣᠩᠭᠣᠯ᠎ᠤᠨ ᠵᠢᠭᠤᠯᠴᠢᠯᠠᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠵᠢ ᠢᠳᠡᠪᠬᠢᠲᠡᠶ ᠨᠠᠶ᠋ᠢᠳᠠᠪᠤᠷᠢᠵᠢᠭᠤᠯᠤᠨ᠂ ᠱᠠᠨᠰᠢ ᠮᠤᠵᠢ ᠵᠡᠷᠭᠡ 《ᠨᠢᠭᠡ ᠪᠦᠰᠡ ᠨᠢᠭᠡ ᠵᠠᠮ》 ᠳᠠᠭ᠋ᠠᠤ ᠵᠢᠨ ᠭᠠᠵᠠᠷ ᠣᠷᠣᠨ᠎ᠯᠤᠭ᠎ᠠ ᠵᠢᠨ ᠰᠣᠶᠣᠯ ᠵᠢᠭᠤᠯᠴᠢᠯᠠᠯ᠎ᠤᠨ ᠰᠣᠯᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠪᠡᠭᠡᠵᠢᠩ ᠬᠣᠲᠠ ᠵᠢᠨ ᠰᠣᠶᠣᠯ ᠵᠢᠭᠤᠯᠴᠢᠯᠠᠯ᠎ᠤᠨ ᠲᠤᠪᠴᠢᠶᠠᠨ ᠎ᠤ ᠤᠷᠢᠯᠭ᠎ᠠ᠎ᠪᠠᠷ᠂ 4 ᠳ᠋ᠤᠭᠡᠷ ᠰᠠᠷ᠎ᠠ ᠵᠢᠨ 18᠎ᠤ ᠡᠳᠦᠷ᠎ᠠᠴᠠ 20᠎ᠤ ᠡᠳᠦᠷ ᠪᠣᠯᠲᠠᠯ᠎ᠠ᠂  2025 ᠰᠢ ᠠᠨ᠎ᠤ ᠲᠣᠷᠭ᠋ᠠᠨ᠎ᠤ ᠵᠠᠮ ᠣᠯᠠᠨ ᠤᠯᠤᠰ᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠣᠷᠣᠯᠴᠠᠬᠤ᠎ᠪᠠᠷ ᠵᠣᠬᠢᠶᠠᠨ ᠪᠠᠶ᠋ᠢᠭᠤᠯᠪᠠ᠃
    ᠲᠤᠰ ᠤᠳᠠᠭ᠋ᠠᠨ᠎ᠤ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠨᠢ 《ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠵᠤ ᠠᠵᠤ ᠦᠢ᠍ᠯᠡᠰ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ》᠎ᠪᠠᠷ ᠭᠣᠣᠯ ᠰᠡᠳᠦᠪ ᠪᠣᠯᠭ᠋ᠠᠵᠤ᠂ ᠪᠦᠬᠦ ᠪᠥᠮᠪᠥᠷᠴᠡᠭ᠎ᠤᠨ 25 ᠤᠯᠤᠰ᠂ ᠤᠯᠤᠰ᠎ᠤᠨ ᠳᠣᠲᠣᠭ᠋ᠠᠳᠤ ᠵᠢᠨ 18 ᠮᠤᠵᠢ (ᠣᠷᠣᠨ᠂ ᠬᠤᠳᠠ) ᠵᠢᠨ 187 ᠲᠥᠯᠥᠭᠡᠯᠡᠭᠴᠢᠳ᠎ᠤᠨ ᠪᠦᠯᠬᠦᠮ᠂ 803 ᠠᠵᠤ ᠠᠬᠤᠶ᠋ᠢᠯᠠᠯ ᠦᠵᠡᠰᠬᠦᠯᠡᠩ᠎ᠳᠤ ᠣᠷᠣᠯᠴᠠᠵᠠᠢ᠃ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠵᠡᠪᠰᠡᠭᠯᠡᠬᠦ᠂ ᠤᠯᠠᠨ ᠤᠯᠤᠰ᠎ᠤᠨ ᠬᠠᠮᠲᠤᠷᠠᠯᠴᠠᠭ᠎ᠠ ᠪᠠ ᠠᠬᠤᠢ ᠲᠠᠯᠠᠪᠠᠢ ᠵᠢ ᠰᠢᠨᠡᠴᠢᠯᠡᠬᠦ᠎ᠪᠠᠷ ᠳᠠᠮᠵᠢᠨ᠂ 《ᠳᠡᠯᠭᠡᠨ ᠦᠵᠡᠭᠦᠯᠬᠦ᠂ ᠪᠡᠶᠡᠴᠢᠯᠡᠨ ᠣᠶ᠋ᠢᠯᠠᠭ᠋ᠠᠬᠤ᠂ ᠬᠡᠷᠡᠭᠯᠡᠬᠦ》 ᠪᠦᠬᠦ ᠬᠡᠯᠬᠢᠶᠡᠨ᠎ᠤ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠵᠢᠷᠤᠭ ᠲᠥᠰᠦᠪ᠎ᠢ ᠢᠯᠡᠷᠡᠭᠦᠯᠵᠦ᠂ ᠴᠢᠨᠠᠷ ᠰᠠᠶ᠋ᠢᠲᠠᠢ 《ᠨᠢᠭᠡ ᠪᠦᠰᠡ ᠨᠢᠭᠡ ᠵᠠᠮ》᠎ᠢ   ᠬᠠᠮᠲᠤ᠎ᠪᠠᠷ ᠪᠠᠶ᠋ᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
    ᠪᠡᠭᠡᠵᠢᠩ ᠬᠤᠳᠠ ᠵᠢᠨ ᠰᠣᠶᠣᠯ ᠪᠠ ᠵᠢᠭᠤᠯᠴᠢᠯᠠᠯ᠎ᠤᠨ ᠲᠤᠪᠴᠢᠶᠠᠨ᠎ᠤ 《ᠪᠡᠭᠡᠵᠢᠩ᠎ᠤᠨ ᠵᠢᠪᠬᠤᠭ᠋ᠠᠲᠤ ᠰᠢᠨ᠎ᠡ ᠬᠡᠷᠡᠭᠯᠡᠭᠡ᠂ ᠰᠣᠶᠣᠯ ᠵᠢᠭᠤᠯᠴᠢᠯᠠᠯ ᠬᠠᠪᠰᠤᠷᠤᠨ ᠲᠡᠳᠬᠦᠬᠦ ᠎ᠳᠤ ᠲᠤᠰᠠᠠᠯᠬᠤ》 ᠲᠠᠨᠢᠯᠴᠠᠭᠤᠯᠬᠤ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠤᠯᠠᠭ᠋ᠠᠨᠴᠠᠪ ᠬᠤᠳᠠ ᠵᠢᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠲᠠᠨᠢᠯᠴᠠᠭᠤᠯᠤᠭᠴᠢ 《ᠠᠶᠠᠯᠭᠤᠲᠤ ᠵᠢᠭᠤᠯᠴᠢᠯᠠᠯ ᠥᠪᠥᠷ ᠮᠣᠩᠭᠣᠯ 》 ᠵᠶ᠋ᠠᠷ ᠭᠣᠣᠯ ᠰᠢᠵᠢᠮ ᠪᠣᠯᠭ᠋ᠠᠵᠤ᠂ ᠤᠯᠠᠭ᠋ᠠᠨᠴᠠᠪ᠎ᠤᠨ ᠥᠪᠡᠷᠮᠢᠴᠡ ᠣᠨᠴᠠᠯᠢᠭ᠎ᠲᠠᠢ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠡᠬᠢ ᠪᠠᠶᠠᠯᠢᠭ᠎ᠢ ᠪᠦᠬᠦ ᠲᠠᠯ᠎ᠠ᠎ᠪᠠᠷ ᠤᠬᠠᠭᠤᠯᠤᠨ ᠲᠠᠨᠢᠯᠴᠠᠭᠤᠯᠵᠤ᠂ 《ᠪᠡᠭᠡᠵᠢᠩ ᠎ᠠᠴᠠ ᠪᠠᠷᠠᠭᠤᠨᠰᠢ᠎ᠪᠠᠨ ᠨᠢᠭᠡ   ᠠᠯᠬᠤᠪᠠᠯ ᠤᠯᠠᠭ᠋ᠠᠨᠴᠠᠪ᠂ ᠲᠦᠷᠪᠡᠨ ᠤᠯᠠᠷᠢᠯ᠎ᠤᠨ ᠵᠢᠭᠤᠯᠴᠢᠯᠠᠯ᠎ᠤᠨ ᠰᠠᠢ᠍ᠢ᠍ᠨ ᠭᠠᠵᠠᠷ》 ᠭᠡᠬᠦ ᠨᠡᠷᠡᠲᠦ ᠲᠡᠮᠳᠡᠭ᠎ᠤᠨ ᠠᠯᠳᠠᠷᠰᠢᠯ ᠪᠠ ᠨᠥᠯᠥᠭᠡᠯᠡᠬᠦ ᠬᠦᠴᠦᠨ᠎ᠢ ᠶᠡᠬᠡ᠎ᠪᠠᠷ ᠳᠡᠭᠡᠭᠰᠢᠯᠡᠭᠦᠯᠵᠡᠢ; ᠵᠢᠨᠢᠩ ᠲᠣᠭᠣᠷᠢᠭ᠎ᠤᠨ ᠤᠯᠠᠭ᠋ᠠᠨᠮᠥ᠋ᠴᠢᠷ᠎ᠤᠨ ᠮᠤᠷᠢᠨ ᠬᠤᠭᠤᠷ ᠎ᠤᠨ ᠬᠥᠭᠵᠢᠮ 《ᠲᠦᠮᠡᠨ ᠠᠭᠲᠠ ᠵᠢᠨ ᠲᠥᠪᠡᠷᠭᠡᠨ》᠂ ᠪᠥᠵᠢᠭ 《ᠤᠯᠠᠭ᠋ᠠᠨᠴᠠᠪ᠎ᠤᠨ ᠮᠠᠭᠲᠠᠭ᠋ᠠᠯ》 ᠵᠡᠷᠭᠡ ᠲᠣᠭᠯᠠᠯᠲᠠ᠎ᠨᠢ ᠪᠠᠶᠠᠷ ᠪᠠᠶᠠᠰᠬᠤᠯᠠᠩᠲᠤ ᠠᠶ᠋ᠢᠵᠠᠮ ᠴᠤᠬᠢᠯᠭ᠎ᠠ ᠪᠣᠯᠤᠨ ᠭᠣᠶ᠋ᠢᠳᠠ ᠰᠠᠶ᠋ᠢᠬᠠᠨ ᠬᠤᠪᠴᠠᠰᠤ ᠵᠠᠰᠠᠯ ᠵᠶ᠋ᠠᠷ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ᠎ᠢ ᠬᠥᠭᠵᠢᠭᠡᠵᠦ᠂ 《ᠤᠮᠠᠷᠠᠲᠤ ᠬᠢᠵᠠᠭ᠋ᠠᠷ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ》᠎ᠢ ᠤᠯᠠᠮ ᠴᠢᠨᠠᠭᠰᠢᠳᠠ ᠠᠬᠢᠭᠤᠯᠵᠠᠢ᠃

ᠢᠷᠡᠯᠲᠡ᠄ ᠤᠯᠠᠭ᠋ᠠᠨᠴᠠᠪ᠎ᠤᠨ ᠰᠤᠶᠤᠯ ᠵᠢᠭᠤᠯᠴᠢᠯᠠᠯ ᠲᠠᠮᠢᠷ
          
ᠬᠠᠮᠢᠶ᠎ᠡ ᠪᠦᠬᠦᠢ ᠰᠣᠨᠢᠨ
《ᠤᠮᠠᠷᠠᠲᠤ ᠬᠢᠵᠠᠭ᠋ᠠᠷ ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ — 2025 ᠣᠷᠳᠣᠰ᠎ᠤᠨ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠯᠲᠠ ᠵᠢᠨ ᠪᠥᠬᠥ ᠤᠯᠤᠰ᠎ᠤᠨ ᠲᠣᠭᠣᠷᠢᠨ ᠲᠣᠭᠯᠠᠯᠲᠠ》 ᠪᠡᠭᠡᠵᠢᠩ᠎ᠳᠤ ᠡᠬᠢᠯᠡᠪᠡ
《ᠣᠪᠣᠭ᠋ᠠᠨ ᠳᠡᠭᠡᠷᠡᠬᠢ ᠠᠭᠣᠯᠵᠠᠯᠳᠠ ᠵᠢᠨ ᠭᠠᠵᠠᠷ — ᠲᠦᠩᠯᠢᠶᠣᠤ》 ᠵᠢᠭᠣᠯᠴᠢᠯᠡᠯ᠎ᠤᠨ ᠨᠡᠷᠡᠳᠦ ᠳᠡᠮᠳᠡᠭ ᠨᠡᠢ᠌ᠰᠯᠡᠯ᠎ᠳᠤ ᠣᠷᠣᠪᠠ
ᠲᠢᠩᠬᠢᠮ᠎ᠤᠨ ᠲᠡᠳ᠋ ᠳᠠᠷᠣᠭ᠎ᠠ ᠢᠤᠢ ᡁᠢ ᠬᠦᠸᠸ ᠣᠷᠳᠣᠰ ᠬᠣᠳᠠ᠎ᠳᠤ ᠬᠦᠷᠴᠤ ᠳᠣᠬᠠᠢ ᠵᠢᠨ ᠭᠠᠵᠠᠷ᠎ᠤᠨ ᠵᠢᠭᠣᠯᠴᠢᠯᠠᠯ᠎ᠤᠨ ᠬᠦᠭᠵᠢᠯᠳᠡ ᠵᠢ ᠪᠠᠢ᠌ᠴᠠᠭ᠋ᠠᠨ ᠰᠣᠳᠣᠯᠪᠠ
ᠤᠷᠳᠤᠰ ᠪᠠ ᠰᠢᠱ᠌ᠦᠸᠠᠩᠪᠠᠨᠨᠠ ᠡᠮᠦᠨ᠎ᠡ ᠤᠮᠠᠷ᠎ᠠ ᠵᠢᠨ ᠵᠢᠭᠤᠯᠴᠢᠯᠠᠯ᠎ᠤᠨ ᠨᠡᠷᠡᠲᠤ ᠬᠤᠲᠠ ᠵᠢᠨ ᠬᠠᠮᠲᠤᠷᠤᠭᠰᠠᠨ ᠳᠡᠯᠭᠡᠷᠡᠬᠦᠯᠦᠨ ᠲᠠᠨᠢᠯᠴᠠᠭᠤᠯᠤᠯᠲᠠ ᠤᠮᠠᠷᠠᠲᠤ ᠵᠢᠨ ᠨᠠᠭᠤᠷ᠎ᠤᠨ ᠬᠤᠲᠠ ᠢᠷᠭ᠋ᠠᠢ᠎ᠳᠤ ᠬᠦᠷᠦᠯ᠎ᠡ
ᠪᠣᠭᠣᠳᠣ ᠬᠣᠳᠠ ᠠᠶᠠᠯᠠᠯ ᠵᠢᠭᠣᠯᠴᠢᠯᠠᠯ᠎ᠤᠨ ᠠᠮᠣᠷ ᠲᠦᠪᠰᠢᠨ᠎ᠢᠶᠠᠷ ᠬᠠᠤᠯᠢ ᠬᠡᠷᠡᠭᠵᠢᠭᠦᠯᠬᠦ ᠪᠣᠯᠪᠠᠰᠣᠷᠠᠯ ᠵᠢᠴᠢ ᠰᠣᠶᠣᠯ ᠵᠢᠭᠣᠯᠴᠢᠯᠠᠯ᠎ᠤᠨ ᠵᠠᠬ᠎ᠠ ᠵᠡᠭᠡᠯᠢ ᠵᠢᠨ 《ᠬᠠᠷ᠎ᠠ ᠪᠦᠯᠦᠭᠳᠡᠨ ᠬᠠᠷᠬᠢᠰ ᠬᠦᠴᠤᠨ᠎ᠢ ᠠᠷᠢᠯᠭ᠋ᠠᠬᠣ》 ᠳᠣᠰᠬᠠᠢ ᠳᠡᠮᠡᠴᠡᠯ᠎ᠤᠨ ᠳᠠᠢ᠌ᠴᠢᠯᠠᠯᠳᠠ ᠵᠢᠨ ᠪᠠᠢ᠌ᠷᠢᠯᠡᠭᠣᠯᠣᠯᠳᠠ ᠵᠢᠨ ᠬᠣᠷᠡᠯ ᠬᠣᠷᠡᠯᠳᠦᠪᠠ
 
            