ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠭᠦᠶᠠᠩ ᠰᠢᠶᠠᠨ᠎ᠳᠤ ᠬᠦᠷᠴᠦ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2025-04-07

       4 ᠳ᠋ᠤᠭᠡᠷ ᠰᠠᠷ᠎ᠠ ᠵᠢᠨ 6᠎ᠤ ᠡᠳᠦᠷ᠂ ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶᠠᠨ (ᠬᠤᠳᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ) ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠭᠦᠸᠧ ᠶᠦᠩ ᠪᠦᠯᠬᠦᠮ ᠳᠠᠭ᠋ᠠᠭᠤᠯᠤᠨ ᠭᠦᠶᠠᠩ ᠰᠢᠶᠠᠨ᠎ᠳᠤ ᠬᠦᠷᠴᠦ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠢ᠌ᠴᠠᠭ᠋ᠠᠨ ᠰᠤᠳᠤᠯᠵᠠᠢ᠃ ᠪᠤᠭᠤᠲᠤ ᠬᠤᠳᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ   ᠲᠤᠪᠴᠢᠶᠠᠨ ᠎ᠤ   ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠤᠭᠤᠲᠤ ᠬᠤᠳᠠ ᠵᠢᠨ ᠮᠦᠽᠧᠢ ᠵᠢᠨ ᠬᠠᠷᠢᠭᠤᠴᠠᠯᠭ᠋ᠠᠲᠠᠨ ᠪᠣᠯᠣᠨ ᠭᠦᠶᠠᠩ ᠰᠢᠶᠠᠨ᠎ᠤ ᠬᠤᠪᠢᠳᠠᠨ ᠬᠠᠮᠢᠶᠠᠷᠬᠤ ᠰᠢᠶᠠᠨ᠎ᠤ ᠳᠡᠳ᠋ ᠳᠠᠷᠤᠭ᠎ᠠ᠂ ᠰᠣᠶᠣᠯ ᠵᠢᠭᠤᠯᠴᠢᠯᠠᠯ᠎ᠤᠨ ᠲᠤᠪᠴᠢᠶᠠᠨ᠎ᠤ ᠳᠠᠷᠤᠭ᠎ᠠ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠮᠠᠷᠠᠲᠤ ᠸᠧᠢ ᠵᠢᠨ ᠬᠤᠸᠠᠢ ᠱᠦᠸᠸ ᠪᠠᠯᠭ᠋ᠠᠰᠤᠨ᠎ᠤ ᠲᠡᠦᠬᠡ ᠵᠢᠨ ᠮᠦᠽᠧᠢ ᠵᠢᠨ ᠲᠥᠷᠥᠯ ᠵᠦᠢ᠍ᠯ᠎ᠤᠨ ᠪᠡᠯᠡᠳᠬᠡᠯ ᠬᠠᠶᠢᠭ᠎ᠢ ᠲᠤᠬᠠᠢ ᠵᠢᠨ ᠭᠠᠵᠠᠷ᠎ᠲᠤ᠎ᠨᠢ ᠰᠢᠨᠵᠢᠯᠡᠨ ᠪᠠᠢ᠌ᠴᠠᠭ᠋ᠠᠵᠤ᠂   ᠲᠦᠷᠦᠯ ᠵᠦᠢ᠍ᠯ᠎ᠤᠨ ᠭᠠᠵᠠᠷ ᠰᠣᠩᠭᠣᠬᠤ᠂ ᠪᠠᠷᠢᠯᠭ᠎ᠠ ᠪᠠᠷᠢᠬᠤ ᠲᠥᠯᠥᠪᠯᠡᠭᠡ᠂ ᠳᠡᠯᠭᠡᠨ ᠦᠵᠡᠭᠦᠯᠬᠦ ᠬᠡᠪᠴᠢᠶ᠎ᠡ᠂ ᠲᠠᠯᠠᠪᠠᠢ ᠣᠷᠳᠣᠨ᠎ᠤ ᠭᠣᠣᠯ ᠰᠡᠳᠦᠪ᠂ ᠡᠷᠬᠢᠨ ᠲᠣᠭᠣᠷᠢᠨ᠎ᠤ ᠢᠵᠢ ᠪᠦᠷᠢᠳᠦᠭᠰᠡᠨ ᠵᠡᠷᠭᠡ ᠪᠠᠢ᠌ᠳᠠᠯ᠎ᠢ ᠲᠤᠬᠠᠢ ᠵᠢᠨ ᠲᠠᠯᠠᠪᠠᠢ᠎ᠳᠤ ᠰᠣᠨᠣᠰᠤᠭᠰᠠᠨ ᠪᠥᠭᠡᠳ ᠲᠤᠬᠠᠢ ᠵᠢᠨ ᠲᠠᠯᠠᠪᠠᠢ ᠵᠢᠨ ᠠᠯᠪᠠᠯᠠᠬᠤ ᠬᠤᠷᠠᠯ ᠬᠤᠷᠠᠯᠳᠤᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ᠂ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠨᠡᠢ᠌ᠳᠡᠮ ᠪᠠᠢ᠌ᠴᠠᠭ᠋ᠠᠬᠤ᠂ ᠤᠷᠳᠤ ᠴᠠᠭ᠋ᠠᠨ ᠬᠡᠷᠡᠮ᠎ᠢ ᠬᠠᠮᠠᠭ᠋ᠠᠯᠠᠬᠤ᠂ ᠤᠮᠠᠷᠠᠲᠤ ᠸᠧᠢ ᠵᠢᠨ ᠬᠤᠸᠠᠢ ᠱᠦᠸᠸ ᠪᠠᠯᠭ᠋ᠠᠰᠤᠨ᠎ᠤ ᠲᠡᠦᠬᠡ ᠵᠢᠨ ᠮᠦᠽᠧᠢ ᠵᠢᠨ ᠪᠦᠲᠦᠭᠡᠨ ᠪᠠᠢ᠌ᠭᠤᠯᠤᠯᠲᠠ ᠵᠡᠷᠭᠡ ᠠᠵᠢᠯ᠎ᠤᠨ ᠲᠣᠭᠣᠷᠢᠨ᠎ᠳᠤ ᠰᠤᠳᠤᠯᠤᠨ ᠪᠠᠢ᠌ᠷᠢᠯᠠᠭᠤᠯᠵᠠᠢ᠃   ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠰᠣᠶᠣᠯ᠎ᠤᠨ ᠥᠪ᠎ᠢ ᠠᠮᠢᠳᠤᠯᠢᠭ ᠵᠶ᠋ᠠᠷ ᠠᠰᠢᠭᠯᠠᠬᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠦᠽᠧᠢ ᠵᠢ ᠠᠷᠠᠳ ᠤᠯᠠᠨ᠎ᠤ ᠠᠮᠢᠳᠤᠷᠠᠯ᠎ᠤᠨ ᠠᠬᠤᠢ ᠪᠠᠢ᠌ᠳᠠᠯ᠎ᠳᠤ ᠭᠦᠨᠵᠡᠭᠡᠢ ᠠᠭᠤᠰᠤᠯᠴᠠᠭᠤᠯᠵᠤ᠂ ᠮᠦᠽᠧᠢ᠎ᠳᠤ ᠬᠠᠳᠠᠭ᠋ᠠᠯᠠᠭᠳᠠᠵᠤ ᠪᠠᠢ᠌ᠭ᠎ᠠ ᠲᠡᠦᠬᠡ ᠰᠣᠶᠣᠯ᠎ᠤᠨ ᠠᠭᠤᠯᠬᠤᠨ᠎ᠢ ᠤᠯᠠᠨ ᠲᠦᠮᠡᠨ᠎ᠳᠤ ᠨᠡᠩ ᠰᠠᠢ᠌ᠨ ᠮᠡᠳᠡᠷᠡᠭᠦᠯᠬᠦ ᠬᠡᠷᠡᠭᠲᠡᠢ; ᠨᠢᠭᠡᠳᠦᠯᠲᠡᠢ ᠲᠥᠯᠥᠪᠵᠢᠭᠦᠯᠬᠦ᠂   ᠵᠢᠷᠤᠭ ᠲᠦᠰᠦᠯ ᠵᠶ᠋ᠠᠷ   ᠠᠵᠢᠯᠯᠠᠬᠤ᠂ ᠠᠵᠢᠯ᠎ᠤᠨ ᠬᠤᠭᠤᠴᠠᠭ᠎ᠠ ᠵᠢ ᠲᠣᠩᠭᠣᠷᠠᠭᠤᠯᠤᠨ ᠪᠠᠢ᠌ᠷᠢᠯᠠᠭᠤᠯᠬᠤ ᠵᠢ ᠴᠢᠩᠭ᠋ᠠᠳᠬᠠᠵᠤ᠂ ᠲᠦᠷᠦᠯ ᠵᠦᠢ᠍ᠯ᠎ᠤᠨ ᠪᠣᠯᠣᠮᠵᠢᠲᠤ ᠴᠢᠨᠠᠷ᠂ ᠬᠡᠷᠡᠭᠵᠢᠭᠦᠯᠵᠦ ᠪᠣᠯᠬᠤᠢ᠌ᠴᠠ ᠴᠢᠨᠠᠷ᠎ᠤᠨ ᠰᠤᠳᠤᠯᠭ᠋ᠠᠨ ᠪᠠ ᠨᠤᠲᠠᠯᠠᠯᠲᠠ ᠵᠢ ᠴᠢᠩᠭ᠋ᠠᠳᠬᠠᠵᠤ᠂ ᠵᠢᠷᠤᠭ ᠲᠥᠯᠥᠪᠯᠡᠭᠡ ᠵᠢᠨ ᠲᠥᠰᠥᠯ᠎ᠢ ᠨᠠᠷᠢᠯᠢᠭᠵᠢᠭᠤᠯᠤᠨ ᠳᠡᠯᠭᠡᠨ ᠦᠵᠡᠭᠦᠯᠬᠦ ᠵᠢ ᠭᠦᠨᠵᠡᠭᠡᠢ᠌ᠷᠡᠭᠦᠯᠵᠦ᠂ ᠪᠠᠷᠢᠯᠭ᠎ᠠ ᠵᠢᠨ ᠶᠠᠰᠤ ᠴᠢᠨᠠᠷ᠂ ᠠᠬᠢᠴᠠ ᠵᠢᠨ ᠪᠣᠭᠣᠮᠲᠠ ᠵᠢ ᠰᠠᠢ᠌ᠲᠤᠷ ᠠᠳᠬᠤᠵᠤ᠂ ᠤᠮᠠᠷᠠᠲᠤ ᠸᠧᠢ ᠵᠢᠨ ᠬᠤᠸᠠᠢ ᠱᠦᠸᠸ ᠪᠠᠯᠭ᠋ᠠᠰᠤᠨ᠎ᠤ ᠲᠡᠦᠬᠡ ᠵᠢᠨ ᠮᠦᠽᠧᠢ ᠵᠢ ᠲᠦᠷᠭᠡᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ; ᠰᠤᠳᠤᠯᠤᠨ ᠲᠠᠢ᠌ᠯᠪᠤᠷᠢᠯᠠᠬᠤ᠎ᠪᠠᠨ ᠴᠢᠩᠭ᠋ᠠᠳᠬᠠᠵᠤ᠂ ᠬᠤᠳᠠ ᠵᠢᠨ ᠲᠡᠦᠬᠡ ᠰᠣᠶᠣᠯ᠎ᠤᠨ ᠰᠤᠳᠠᠰᠤ ᠵᠢ ᠭᠦᠨᠵᠡᠭᠡᠢ ᠠᠭᠤᠳᠠᠯᠵᠤ᠂ ᠤᠳᠤ ᠵᠢᠨ ᠪᠠᠢ᠌ᠭ᠎ᠠ ᠰᠣᠶᠣᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠭᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢ ᠵᠢᠨ ᠣᠯᠭᠣᠯᠲᠠ ᠵᠢ ᠴᠢᠩᠭ᠋ᠠᠳᠬᠠᠵᠤ᠂ ᠳᠡᠯᠭᠡᠨ ᠦᠵᠡᠭᠦᠯᠬᠦ ᠠᠭᠤᠯᠭ᠎ᠠ ᠵᠢ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠠᠷᠭ᠎ᠠ ᠬᠡᠯᠪᠡᠷᠢ ᠵᠢ ᠰᠢᠨᠡᠴᠢᠯᠡᠵᠦ᠂ ᠬᠠᠷᠢᠯᠴᠠᠨ ᠣᠢ᠌ᠯᠠᠭ᠋ᠠᠯᠴᠠᠬᠤ᠎ᠪᠠᠨ ᠴᠢᠩᠭ᠋ᠠᠳᠬᠠᠵᠤ᠂ ᠤᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ᠂ ᠤᠯᠠᠨ ᠲᠦᠮᠡᠨ᠎ᠲᠠᠢ ᠣᠢ᠌ᠷᠠᠲᠤᠭᠰᠠᠨ ᠬᠡᠯᠪᠡᠷᠢ᠎ᠪᠠᠷ ᠪᠤᠭᠤᠲᠤ ᠵᠢᠨ 《ᠤᠮᠠᠷᠠᠲᠤ ᠸᠧᠢ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠭᠡᠷ》 ᠎ᠢ ᠰᠠᠢ᠌ᠲᠤᠷ ᠶᠠᠷᠢᠬᠤ ᠬᠡᠷᠡᠭᠲᠡᠢ; ᠵᠣᠬᠢᠴᠠᠭᠤᠯᠤᠨ ᠬᠠᠮᠲᠤᠷᠠᠯᠴᠠᠬᠤ ᠵᠢ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠡᠬᠢᠵᠢᠭᠦᠯᠵᠦ᠂ ᠨᠡᠢ᠌ᠭᠡᠮ᠎ᠤᠨ ᠬᠦᠴᠦᠨ᠎ᠢ ᠢᠳᠡᠪᠬᠢᠲᠡᠢ᠎ᠪᠠᠷ ᠣᠷᠣᠭᠤᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠳᠤ ᠣᠷᠣᠯᠴᠠᠭᠤᠯᠵᠤ᠂ ᠰᠡᠯᠪᠢᠨ ᠵᠠᠰᠠᠵᠤ ᠬᠠᠮᠠᠭ᠋ᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠵᠢ ᠵᠣᠯᠭ᠋ᠠᠭᠤᠯᠤᠨ ᠬᠠᠮᠵᠢᠯᠴᠠᠭᠤᠯᠬᠤ ᠵᠢ ᠴᠢᠨᠠᠭᠰᠢᠳᠠ ᠰᠠᠢ᠌ᠲᠤᠷ ᠬᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠢᠳᠤᠯᠢᠭᠵᠢᠭᠤᠯᠤᠨ ᠠᠰᠢᠭᠯᠠᠬᠤ ᠰᠢᠨ᠎ᠡ ᠠᠷᠭ᠎ᠠ ᠵᠠᠮ᠎ᠢ ᠦᠷᠭᠦᠯᠵᠢᠯᠡᠨ ᠥᠷᠭᠡᠳᠬᠡᠵᠦ᠂ ᠰᠢᠨ᠎ᠡ ᠳᠦᠷᠰᠦ ᠪᠠᠢ᠌ᠳᠠᠯ ᠰᠢᠨ᠎ᠡ ᠵᠢᠳᠬᠦᠯ ᠴᠢᠷᠮᠠᠢ᠌ᠯᠭ᠎ᠠ᠎ᠪᠠᠷ ᠪᠤᠭᠤᠲᠤ ᠬᠤᠳᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠪᠠᠢ᠌ᠴᠠᠭ᠋ᠠᠨ ᠰᠤᠳᠤᠯᠬᠤ ᠳᠤᠭᠤᠢ᠌ᠯᠠᠩ ᠵᠢᠭ᠋ᠠᠵᠤ ᠭᠠᠷᠭ᠋ᠠᠪᠠ᠃

ᠢᠷᠡᠯᠲᠡ᠄ ᠪᠤᠭᠤᠲᠤ ᠵᠢᠨ ᠰᠤᠶᠤᠯ ᠵᠢᠭᠤᠯᠴᠢᠯᠠᠯ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ 2025 ᠣᠨ᠎ᠤ ᠰᠢ ᠠᠨ᠎ᠤ ᠲᠣᠷᠭ᠋ᠠᠨ ᠎ᠤ ᠵᠠᠮ ᠣᠯᠠᠨ ᠤᠯᠤᠰ᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠤᠷᠤᠯᠴᠠᠪᠠ
《ᠤᠮᠠᠷᠠᠲᠤ ᠬᠢᠵᠠᠭ᠋ᠠᠷ ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ — 2025 ᠣᠷᠳᠣᠰ᠎ᠤᠨ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠯᠲᠠ ᠵᠢᠨ ᠪᠥᠬᠥ ᠤᠯᠤᠰ᠎ᠤᠨ ᠲᠣᠭᠣᠷᠢᠨ ᠲᠣᠭᠯᠠᠯᠲᠠ》 ᠪᠡᠭᠡᠵᠢᠩ᠎ᠳᠤ ᠡᠬᠢᠯᠡᠪᠡ
《ᠣᠪᠣᠭ᠋ᠠᠨ ᠳᠡᠭᠡᠷᠡᠬᠢ ᠠᠭᠣᠯᠵᠠᠯᠳᠠ ᠵᠢᠨ ᠭᠠᠵᠠᠷ — ᠲᠦᠩᠯᠢᠶᠣᠤ》 ᠵᠢᠭᠣᠯᠴᠢᠯᠡᠯ᠎ᠤᠨ ᠨᠡᠷᠡᠳᠦ ᠳᠡᠮᠳᠡᠭ ᠨᠡᠢ᠌ᠰᠯᠡᠯ᠎ᠳᠤ ᠣᠷᠣᠪᠠ
ᠲᠢᠩᠬᠢᠮ᠎ᠤᠨ ᠲᠡᠳ᠋ ᠳᠠᠷᠣᠭ᠎ᠠ ᠢᠤᠢ ᡁᠢ ᠬᠦᠸᠸ ᠣᠷᠳᠣᠰ ᠬᠣᠳᠠ᠎ᠳᠤ ᠬᠦᠷᠴᠤ ᠳᠣᠬᠠᠢ ᠵᠢᠨ ᠭᠠᠵᠠᠷ᠎ᠤᠨ ᠵᠢᠭᠣᠯᠴᠢᠯᠠᠯ᠎ᠤᠨ ᠬᠦᠭᠵᠢᠯᠳᠡ ᠵᠢ ᠪᠠᠢ᠌ᠴᠠᠭ᠋ᠠᠨ ᠰᠣᠳᠣᠯᠪᠠ
ᠤᠷᠳᠤᠰ ᠪᠠ ᠰᠢᠱ᠌ᠦᠸᠠᠩᠪᠠᠨᠨᠠ ᠡᠮᠦᠨ᠎ᠡ ᠤᠮᠠᠷ᠎ᠠ ᠵᠢᠨ ᠵᠢᠭᠤᠯᠴᠢᠯᠠᠯ᠎ᠤᠨ ᠨᠡᠷᠡᠲᠤ ᠬᠤᠲᠠ ᠵᠢᠨ ᠬᠠᠮᠲᠤᠷᠤᠭᠰᠠᠨ ᠳᠡᠯᠭᠡᠷᠡᠬᠦᠯᠦᠨ ᠲᠠᠨᠢᠯᠴᠠᠭᠤᠯᠤᠯᠲᠠ ᠤᠮᠠᠷᠠᠲᠤ ᠵᠢᠨ ᠨᠠᠭᠤᠷ᠎ᠤᠨ ᠬᠤᠲᠠ ᠢᠷᠭ᠋ᠠᠢ᠎ᠳᠤ ᠬᠦᠷᠦᠯ᠎ᠡ
 
            