ᠰᠢ ᠵᠢᠨ ᠫᠢᠩ ᠶᠡᠭᠡ ᠬᠤᠷᠠᠯ᠎ᠳᠤ ᠤᠷᠤᠯᠴᠠᠬᠤ ᠪᠦᠬᠡᠳ ᠴᠢᠬᠤᠯᠠ ᠶᠠᠷᠢᠶ᠎ᠠ ᠳᠠᠯᠪᠢᠨ᠎ᠠ
ᠳᠤᠮᠳᠠᠳᠤ ᠤᠯᠤᠰ᠎ᠤᠨ ᠠᠷᠠᠳ᠎ᠤᠨ ᠰᠠᠶ᠋ᠢᠨ ᠳᠤᠷ᠎ᠠ ᠵᠢᠨ ᠴᠡᠷᠢᠭ᠎ᠤᠨ ᠠᠮᠧᠷᠢᠺᠠ ᠵᠢ ᠡᠰᠡᠷᠬᠦᠴᠡᠵᠥ ᠰᠤᠯᠤᠩᠭᠤᠰ᠎ᠢ ᠳᠤᠰᠠᠯᠠᠬᠤ᠎ᠪᠠᠷ ᠭᠠᠳᠠᠭ᠋ᠠᠳᠤ᠎ᠳᠤ ᠭᠠᠷᠴᠤ ᠳᠠᠶ᠋ᠢᠨ ᠬᠢᠭᠰᠡᠨ 70 ᠵᠢᠯ᠎ᠤᠨ ᠤᠢ ᠵᠢ ᠳᠤᠷᠠᠰᠬᠠᠬᠤ ᠶᠡᠭᠡ ᠬᠤᠷᠠᠯ 10 ᠰᠠᠷ᠎ᠠ ᠵᠢᠨ 23᠎ᠤ ᠦᠳᠡ ᠵᠢᠨ ᠡᠮᠤᠨᠡᠬᠢ 10 ᠴᠠᠬ᠎ᠲᠤ ᠪᠡᠬᠡᠵᠢᠩ᠎ᠤᠨ ᠠᠷᠠᠳ᠎ᠤᠨ ᠶᠡᠭᠡ ᠬᠤᠷᠠᠯ᠎ᠤᠨ ᠳᠠᠩᠬᠢᠮ᠎ᠳᠤ ᠦᠪᠡᠳᠡᠭᠰᠢ ᠶᠡᠭᠡ᠎ᠪᠠᠷ ᠶᠠᠪᠤᠬᠳᠠᠨ᠎ᠠ᠃ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠰᠢ ᠵᠢᠨ ᠫᠢᠩ ᠶᠡᠭᠡ ᠬᠤᠷᠠᠯ᠎ᠳᠤ ᠤᠷᠤᠯᠴᠠᠬᠤ ᠪᠦᠬᠡᠳ ᠴᠢᠬᠤᠯᠠ ᠶᠠᠷᠢᠶ᠎ᠠ ᠳᠠᠯᠪᠢᠨ᠎ᠠ᠃
ᠳᠤᠬᠠᠢ ᠵᠢᠨ ᠦᠶ᠎ᠡ᠎ᠳᠤ ᠳᠦᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠡ᠂ ᠰᠢᠨᠬᠤᠸᠠ ᠰᠦᠯᠵᠢᠶ᠎ᠡ᠎ᠠᠴᠠ ᠶᠡᠭᠡ ᠬᠤᠷᠠᠯ᠎ᠤᠨ ᠰᠢᠭᠤᠳ ᠨᠡᠪᠳᠡᠷᠡᠬᠦᠯᠭᠡ ᠬᠢᠵᠦ᠂ ᠠᠷᠠᠳ᠎ᠤᠨ ᠰᠦᠯᠵᠢᠶ᠎ᠡ᠂ ᠳᠦᠪ ᠲᠧᠯᠸᠢᠰ᠎ᠤᠨ ᠰᠦᠯᠵᠢᠶ᠎ᠡ᠂ ᠳᠤᠮᠳᠠᠳᠤ ᠤᠯᠤᠰ᠎ᠤᠨ ᠰᠦᠯᠵᠢᠶ᠎ᠡ ᠵᠡᠷᠬᠡ ᠳᠦᠪ᠎ᠤᠨ ᠴᠢᠬᠤᠯᠠ ᠰᠤᠨᠢᠨ ᠮᠡᠳᠡᠬᠡᠨ᠎ᠤ ᠰᠦᠯᠵᠢᠶ᠎ᠡ ᠪᠤᠯᠤᠨ ᠠᠷᠠᠳ᠎ᠤᠨ ᠡᠳᠤᠷ᠎ᠤᠨ ᠰᠤᠨᠢᠨ᠎ᠤ ᠰᠢᠯᠵᠢᠶ᠎ᠡ᠂ ᠰᠢᠨᠬᠤᠸᠠ ᠬᠤᠷᠢᠶᠠᠨ᠎ᠤ ᠰᠢᠯᠵᠢᠶ᠎ᠡ᠂ ᠳᠦᠪ ᠲᠧᠯᠸᠢᠰ᠎ᠤᠨ ᠰᠤᠨᠢᠨ ᠮᠡᠳᠡᠬᠡᠨ᠎ᠤ ᠰᠢᠯᠵᠢᠶ᠎ᠡ ᠵᠡᠷᠬᠡ ᠰᠢᠨ᠎ᠡ ᠵᠠᠭᠤᠴᠢᠯᠠᠭᠤᠷ᠎ᠤᠨ ᠳᠠᠪᠴᠠᠩ ᠢᠵᠢᠯᠢ ᠠᠯᠬᠤᠮ ᠵᠶ᠋ᠠᠷ ᠳᠠᠮᠵᠢᠭᠤᠯᠤᠨ ᠨᠡᠪᠳᠡᠷᠡᠬᠦᠯᠬᠦ ᠪᠤᠯᠤᠨ᠎ᠠ᠃